ᠴᠠᠭᠠᠨ ᠢᠳᠡᠭᠡᠨ ᠤ ᠰᠤᠶᠤᠯ ᠤᠨ ᠨᠠᠶᠢᠷ ᠤᠨ ᠦᠳᠡᠰᠢᠯᠡᠭᠡ ᠬᠦᠷ ᠬᠦᠭᠵᠢᠶᠡᠨ ᠲᠠᠢ ᠡᠬᠢᠯᠡᠪᠡ
ᠨᠡᠶᠢᠲᠡᠯᠡᠭᠰᠡᠨ ᠴᠠᠭ᠄
2024/8/12
     8 ᠰᠠᠷ᠎ᠠ ᠶᠢᠨ 10 ᠤ ᠡᠳᠦᠷ᠂ ᠤᠯᠠᠮᠵᠢᠯᠠᠯᠲᠤ ᠪᠠᠶᠠᠷ ᠤᠨ ᠡᠳᠦᠷ ᠤᠨ ᠳᠣᠯᠣᠭᠠᠨ ᠰᠠᠷ᠎ᠠ ᠶᠢᠨ ᠳᠣᠯᠣᠭᠠᠨ ᠤ ᠲᠠᠰᠢᠷᠠᠮ ᠢᠶᠠᠷ ︽ᠭᠠᠯᠲᠤ ᠠᠭᠤᠯᠠ ᠶᠢᠨ ᠪᠤᠯᠵᠤᠭ᠎ᠠ︾ ᠶᠢᠨ ᠬᠠᠶᠢᠷ᠎ᠠ ᠨᠢ ᠳᠣᠯᠣᠭᠠᠨ ᠰᠠᠷ᠎ᠠ ᠶᠢᠨ ᠳᠣᠯᠣᠭᠠᠨ ᠤ ᠪᠢᠰᠢᠯᠠᠭ ᠤᠨ ᠰᠣᠶᠣᠯ ᠤᠨ ᠨᠠᠶᠢᠷ ᠤᠨ ᠣᠳᠣᠨ ᠳᠠᠭᠤᠤ ᠶᠢᠨ ᠦᠳᠡᠰᠢᠯᠡᠭᠡ ᠤᠯᠠᠭᠠᠨᠴᠠᠪ ᠤᠨ ᠭᠠᠯᠲᠤ ᠠᠭᠤᠯᠠ ᠶᠢᠨ ᠭᠤᠷᠪᠠᠳᠤᠭᠠᠷ ᠭᠠᠯᠲᠤ ᠠᠭᠤᠯᠠᠨ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭᠠᠨ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠪᠡᠭᠡᠵᠢᠩ ᠤᠨ ᠶᠤᠸᠠᠨ ᠬᠠᠩ ᠠᠬ᠎ᠠ ᠳᠡᠭᠦᠤ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠤᠨ ᠤᠯᠠᠭᠠᠨ ᠮᠧᠶ ᠵᠥᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠠ ᠯᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠨ ᠳᠠᠭᠠᠭᠠᠴᠢᠯᠠᠨ ᠡᠷᠭᠢᠯᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠣᠷᠣᠭᠠᠨ ᠤᠷᠤᠬᠤ ᠶᠢ ᠳᠠᠭᠠᠯᠳᠤᠨ᠂ ᠰᠢᠩ ᠭᠤᠸᠠᠩ ᠳ᠋ᠠ ᠳ᠋ᠣᠣ ᠶᠢᠨ ᠰᠢᠯᠢᠳᠡᠭᠴᠤᠳ ᠵᠠᠩ ᠸᠧᠢ ︽ᠬᠥᠮᠦᠨ ᠢ ᠰᠣᠴᠢᠭᠠᠮ᠎ᠠ ᠨᠠᠮᠤᠷ ᠤᠨ ᠰᠠᠯᠬᠢ︾  ᠭᠡᠬᠦ ᠲᠠᠭᠤᠤ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠢ ᠨᠠᠶᠢᠷ ᠤᠨ ᠠᠭᠤᠷ ᠠᠮᠢᠰᠬᠤᠯ ᠳᠤ ᠣᠷᠣᠭᠤᠯᠵᠠᠢ᠃ ᠦᠨᠳᠦᠰᠦᠲᠡᠨ ᠤ ᠳᠠᠭᠤᠴᠢᠨ ᠠᠭᠤᠳᠠᠮ ᠤᠨ ︽ᠠᠷᠢᠬᠢᠨ ᠳᠠᠭᠤᠤ︾ ᠨᠢ ᠲᠣᠭᠯᠠᠯᠲᠠ ᠶᠢ ᠣᠷᠭᠢᠯ ᠳᠤ ᠨᠢ ᠬᠦᠷᠭᠡᠵᠦ᠂ ᠲᠤᠬᠠᠶ ᠶᠢᠨ ᠲᠠᠯᠠᠪᠤᠷ ᠤᠨ ᠦᠵᠡᠭᠴᠢᠳ ᠳᠠᠭᠤᠤ ᠶᠢᠨ ᠠᠶᠢᠵᠠᠮ ᠤᠨ ᠳᠠᠭᠠᠤ ᠳᠠᠭᠤᠯᠠᠨ ᠪᠥᠵᠢᠭᠯᠡᠵᠡᠢ᠃ ᠡᠷᠭᠦᠨ᠎ᠡ ᠶᠢᠨ ᠬᠠᠮᠲᠤᠯᠢᠭ ᠤᠨ ᠳᠠᠭᠤᠯᠠᠭᠰᠠᠨ ︽ᠬᠤᠨ ᠭᠠᠯᠠᠭᠤ︾ ᠨᠢ ᠣᠮᠤᠭ ᠲᠡᠭᠦᠯᠳᠡᠷ ᠬᠥᠭ ᠠᠶᠠᠰ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠳᠠᠭᠤᠨ ᠤ ᠦᠭᠡ ᠪᠠᠷ ᠦᠵᠡᠭᠴᠢᠳ ᠲᠠᠢ ᠬᠠᠮᠲᠤ ᠳᠠᠭᠤᠯᠠᠪᠠ᠃ ᠲᠣᠭᠯᠠᠯᠲᠠ ᠶᠢᠨ ᠲᠤᠬᠠᠢ ᠶᠢᠨ ᠲᠠᠯᠠᠪᠠᠢ ᠶᠢᠨ ᠲᠠᠶᠢᠰᠠᠨ ᠤ ᠳ᠋ᠧᠩ ᠨᠢ ᠪᠣᠷᠣᠭᠠᠨ ᠤ ᠬᠥᠰᠢᠭᠡ ᠶᠢ ᠨᠡᠪᠲᠡᠯᠵᠦ᠂ ᠠᠯᠤᠰ ᠬᠤᠯᠠ ᠶᠢᠨ ᠭᠠᠯᠲᠤ ᠠᠭᠤᠯᠠ  ᠲᠠᠢ ᠥᠩᠭᠡ ᠢᠯᠭᠠᠷᠠᠵᠤ᠂ ᠶᠡᠷᠦ ᠪᠤᠰᠤ ᠶᠢᠨ ᠠᠭᠤᠷ ᠠᠮᠢᠰᠬᠤᠯ ᠢ ᠪᠤᠢ ᠪᠣᠯᠭᠠᠪᠠ᠃ ᠦᠵᠡᠭᠴᠢᠳ ᠢᠯᠡᠷᠬᠡᠶᠢᠯᠡᠭᠰᠡᠨ ᠨᠢ᠂ ᠪᠣᠷᠣᠭᠠᠨ ᠬᠡᠳᠦ᠋ᠢᠪᠡᠷ ᠦᠳᠡᠰᠢᠯᠡᠭᠡ ᠳᠤ ᠪᠠᠭ᠎ᠠ ᠰᠠᠭ᠎ᠠ ᠳᠥᠭᠦᠮ ᠦᠭᠡᠢ ᠪᠣᠯᠤᠭᠰᠠᠨ ᠪᠣᠯᠪᠠᠴᠤ ᠡᠶᠢᠮᠦᠷᠬᠦ ᠣᠨᠴᠠᠭᠠᠶ ᠣᠷᠴᠢᠨ ᠲᠣᠭᠤᠷᠢᠨ ᠳᠤ ᠳᠠᠭᠤᠤ ᠬᠥᠭᠵᠢᠮ ᠤᠨ ᠦᠳᠡᠰᠢᠯᠡᠭᠡ ᠶᠢ ᠰᠣᠨᠢᠷᠬᠠᠵᠤ᠂ ᠨᠠᠩ ᠴᠤ ᠣᠨᠴᠠᠭᠠᠶ ᠷᠣᠮᠠᠨᠲ᠋ᠢᠭ ᠪᠠ ᠳᠤᠷᠠᠳᠬᠠᠯ ᠨᠡᠮᠡᠭᠰᠡᠨ ᠪᠠᠶᠢᠨ᠎ᠠ᠃ ᠣᠯᠠᠩᠬᠢ ᠬᠥᠮᠦᠰ ᠰᠢᠭᠦᠷ ᠪᠠᠷᠢᠵᠤ᠂ ᠡᠰᠡᠬᠦᠯ᠎ᠡ ᠴᠤᠪᠡ ᠡᠮᠦᠰᠴᠦ᠂ ᠮᠥᠨ ᠯᠡ ᠬᠠᠯᠠᠭᠤᠮ ᠰᠤᠭ ᠢᠶᠠᠷ ᠳᠠᠭᠤᠤ ᠬᠥᠭᠵᠢᠮ ᠤᠨ ᠰᠠᠵᠢᠯᠠᠭᠤᠷ ᠢ ᠳᠠᠭᠠᠯᠳᠤᠨ᠂ ᠡᠨᠡ ᠬᠦ  ᠤᠯᠳᠠᠰᠢ ᠦᠭᠡᠢ ᠦᠵᠡᠬᠦ ᠰᠣᠨᠣᠰᠬᠤ ᠦᠪᠡᠳᠡᠭᠰᠢ ᠨᠠᠶᠢᠷ ᠢ ᠡᠳ᠋ᠯᠡᠵᠦ ᠪᠠᠶᠢᠨ᠎ᠠ᠃ ᠠᠵᠢᠯᠯᠠᠭ᠎ᠠ ᠶᠢᠨ ᠡᠴᠦᠰ ᠲᠤ ᠪᠠᠰᠠ ᠣᠯᠠᠨ ᠳᠤ ᠨᠢᠭᠡ ᠤᠳᠠᠭᠠᠨ ᠤ ᠭᠤᠴᠣ ᠰᠠᠶᠢᠬᠠᠨ ᠫᠤᠤᠵᠢᠩ ᠤᠨ ᠦᠵᠡᠭᠦᠯᠦᠯᠭᠡ ᠦᠵᠡᠭᠦᠯᠪᠡ᠃ ᠭᠡᠷᠡᠯ ᠰᠠᠴᠤᠷᠠᠩᠭᠤᠢ ᠬᠤᠸᠠᠷ ᠫᠤᠤᠵᠢᠩ ᠤᠨ ᠲᠠᠪᠴᠠᠩ ᠳᠡᠭᠡᠷ᠎ᠡ DJ ᠴᠤᠭ ᠵᠢᠪᠬᠤᠭ᠎ᠠ ᠶᠢ ᠳᠠᠭᠠᠯᠳᠤᠨ ᠪᠠᠰᠠ ᠨᠢᠭᠡ ᠤᠳᠠᠭᠠᠨ ᠤ ᠦᠵᠡᠭᠴᠢᠳ ᠤᠨ ᠬᠠᠯᠠᠭᠤᠨ ᠰᠡᠳᠭᠢᠯᠭᠡ ᠶᠢ ᠣᠷᠭᠢᠯ ᠳᠤ ᠬᠦᠷᠭᠡᠪᠡ᠃
     ᠡᠷᠭᠦᠨ᠎ᠡ ᠬᠠᠮᠳᠤᠯᠢᠭ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠣᠯᠠᠨ ᠤᠳᠠᠭ᠎ᠠ ᠤᠯᠠᠭᠠᠨᠴᠠᠪ ᠢᠷᠡᠵᠦ ᠥᠩᠭᠡᠷᠡᠵᠡᠢ᠂ ᠭᠡᠪᠡᠴᠦ ᠠᠩᠬ᠎ᠠ ᠤᠳᠠᠭ᠎ᠠ ᠭᠠᠯᠲᠤ ᠠᠭᠤᠯᠠᠨ ᠳᠤ ᠢᠷᠡᠵᠦ ᠪᠠᠶᠢᠨ᠎ᠠ᠂ ᠡᠨᠡ ᠬᠤᠶᠠᠷ ᠡᠳᠦᠷ ᠠᠭᠤᠷ ᠠᠮᠢᠰᠭᠤᠯ ᠵᠢᠭᠠᠬᠠᠨ ᠮᠠᠭᠤ ᠪᠤᠯᠪᠠᠴᠦ᠂ ᠪᠢᠳᠡ ᠦᠨᠡᠬᠡᠷ ᠨᠠᠶᠢᠵᠠ ᠨᠠᠷ ᠤᠨ ᠬᠠᠯᠠᠭᠤᠨ ᠰᠡᠳᠭᠢᠯᠭᠡ ᠶᠢ ᠣᠯᠵᠤ ᠮᠡᠳᠡᠵᠡᠢ᠃ ᠪᠣᠷᠣᠭᠠᠨ ᠣᠷᠣᠵᠤ ᠪᠠᠶᠢᠭᠰᠠᠨ ᠪᠤᠯᠪᠠᠴᠦ ᠪᠠᠰᠠ ᠬᠡᠳᠦᠨ ᠵᠠᠭᠤᠨ ᠬᠥᠮᠥᠨ ᠠᠬᠤᠢ ᠲᠠᠯᠠᠪᠠᠢ ᠳᠤ ᠪᠠᠶᠢᠭᠰᠠᠨ ᠲᠤᠯᠠ ᠪᠢᠳᠡ ᠶᠡᠭᠡ ᠰᠡᠳᠬᠢᠯ ᠳᠣᠭᠳᠣᠯᠵᠤ᠂ ᠲᠠ ᠨᠠᠷ ᠲᠤ ᠲᠠᠯᠠᠷᠬᠠᠵᠤ ᠪᠠᠶᠢᠨ᠎ᠡ︾ ᠭᠡᠪᠡ᠃
     ᠲᠣᠰ ᠤᠳᠠ᠊‍ᠭᠠᠨ ᠤ ᠠᠵᠢᠯᠯᠠᠭ᠎ᠠ ᠨᠢ ᠬᠤᠯᠠ ᠠᠴᠠ ᠢᠷᠡᠭᠰᠡᠨ ᠵᠢᠭᠤᠯᠴᠢᠯᠠᠭᠴᠢᠳ ᠲᠤ ᠨᠢᠭᠡ ᠤᠳᠠᠭᠠᠨ ᠤ ᠬᠠᠷᠠᠭᠠᠨ ᠤ ᠰᠣᠨᠣᠷ ᠰᠡᠷᠡᠮᠵᠢ ᠲᠠᠢ ᠪᠠᠶᠢᠬᠤ ᠪᠠᠷ ᠪᠠᠷᠠᠬᠤ ᠥᠬᠡᠶ᠂ ᠪᠠᠰᠠ ᠣᠯᠠᠨ ᠰᠦᠯᠵᠢᠶᠡᠨ ᠲᠠᠪᠴᠠᠩ ᠢ ᠨᠡᠭᠡᠭᠡᠨ ᠨᠠᠩ ᠣᠯᠠᠨ ᠦᠵᠡᠭᠴᠢᠳ ᠢ ᠣᠷᠣᠯᠴᠠᠭᠤᠯᠪᠠ᠃ ᠲᠦᠮᠡᠨ ᠵᠢᠯ ᠤᠨ ᠭᠠᠯᠲᠤ ᠠᠭᠤᠯᠠ ᠲᠦᠮᠡᠨ ᠵᠢᠯ ᠤᠨ ᠬᠠᠶᠢᠷ᠎ᠠ ᠰᠡᠳᠭᠢᠯᠭᠡ ᠶᠢ ᠭᠡᠷᠡᠴᠢᠯᠡᠵᠦ ᠪᠠᠶᠢᠨ᠎ᠠ ᠤᠯᠠᠭᠠᠨᠴᠠᠪ ᠤᠨ ᠭᠠᠯᠲᠤ ᠠᠭᠤᠯᠠ ᠲᠠᠨ ᠲᠠᠢ ᠳᠠᠬᠢᠨ ᠤᠴᠠᠷᠠᠬᠤ ᠶᠢ ᠬᠦᠰᠡᠵᠦ ᠪᠠᠢᠨ᠎ᠠ᠃                             ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠪᠤᠯᠠᠭ                             ᠤᠷᠴᠢᠭᠤᠯᠤᠭᠴᠢ᠄ ᠰᠤᠷᠤᠨ᠎ᠠ                             ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号