8 ᠰᠠᠷ᠎ᠠ ᠶᠢᠨ ᠭᠠᠯᠲᠤ ᠠᠭᠤᠯᠠ ᠲᠠᠯ᠎ᠠ ᠨᠤᠲᠤᠭ ᠨᠣᠮᠢᠨ ᠨᠣᠭᠤᠭᠠᠨ᠂ ᠦᠵᠡᠰᠭᠦᠯᠡᠩᠲᠦ ᠰᠠᠶᠢᠬᠠᠨ᠂ 8 | ᠰᠠᠷ᠎ᠠ ᠳᠤ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠵᠢᠯ ᠤᠨ ᠬᠠᠮᠤᠭ ᠭᠤᠶᠣ ᠤᠯᠠᠷᠢᠯ ᠢ ᠤᠭᠲᠤᠨ | ᠠᠪᠴᠢᠷᠠᠬᠤ ᠶᠢᠨ ᠬᠠᠮᠲᠤ ᠪᠠᠰᠠ ᠨᠢᠭᠡ ᠤᠳᠠᠭᠠᠨ ᠤ ᠦᠪᠡᠳᠡᠭᠰᠢ ᠴᠤᠭᠯᠠᠭᠠᠨ ᠢ ᠤᠭᠲᠤᠨ ᠠᠪᠴᠢᠷᠠᠵᠠᠢ᠃ 8 | ᠰᠠᠷ᠎ᠠ ᠶᠢᠨ 12 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠧᠩ ᠸᠧᠶ ᠬᠢᠵᠠᠭᠠᠷᠲᠤ ᠺᠣᠮᠫᠠᠨᠢ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠤᠯᠯᠠᠨ | ᠡᠷᠬᠢᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠨᠡᠶᠢᠭᠡᠮᠯᠢᠭ ᠤᠨ ᠳᠠᠭᠠᠭᠠᠴᠢᠯᠠᠨ ᠡᠷᠬᠢᠯᠡᠭᠰᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ | ᠮᠧᠩ ᠸᠧᠢ ᠬᠤᠨᠳᠠᠭᠠᠲᠤ︾ ᠭᠠᠯᠲᠤ ᠠᠭᠤᠯᠠ ᠶᠢᠨ ᠲᠠᠯ᠎ᠠ ᠨᠤᠲᠤᠭ ᠤᠨ ᠠᠩᠬᠠᠳᠤᠭᠠᠷ ᠤᠳᠠᠭᠠᠨ ᠤ ᠨᠠᠭᠠᠳᠤᠮ ᠤᠨ | ᠶᠡᠭᠡ ᠬᠤᠷᠠᠯ ᠨᠠᠷᠠᠨᠭᠡᠷᠡᠯ ᠭᠠᠴᠠᠭ᠎ᠠ ᠳᠤ ᠦᠪᠡᠳᠡᠭᠰᠢ ᠶᠡᠭᠡ ᠪᠠᠷ ᠡᠬᠢᠯᠡᠪᠡ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠰᠡᠴᠡᠨ᠂ ᠴᠠᠬᠠᠷ | ᠰᠣᠶᠣᠯ ᠤᠨ ᠰᠤᠳᠤᠯᠭᠠᠨ ᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠫᠠᠨ ᠰᠢᠶᠤᠤ ᠫᠢᠩ᠂ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠭᠡᠮᠯᠢᠭ ᠤᠨ ᠳᠠᠷᠤᠭ᠎ᠠ ᠲᠤᠭᠤᠭ᠎ᠠ ᠵᠢᠴᠢ ᠮᠧᠩ ᠸᠧᠶ | ᠺᠣᠮᠫᠠᠨᠢ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠨᠠᠭᠠᠳᠤᠮ ᠤᠨ ᠬᠤᠷᠠᠯ ᠬᠦᠬᠡᠮᠡᠢ ︽ᠴᠢᠨ᠋ᠸ᠎ᠠ ᠶᠢᠨ ᠰᠦᠯᠳᠡ︾ ᠵᠢᠨᠲ᠋ᠣᠭᠯᠠᠯᠲᠠ ᠶᠢᠨ ᠳᠤᠮᠳᠠ ᠬᠥᠰᠢᠭᠡ ᠪᠠᠨ | ᠰᠡᠬᠦᠪᠡ᠃ ᠪᠥᠵᠢᠭ ︽ᠬᠥᠬᠡ ᠣᠭᠲᠠᠷᠭᠤᠶ ᠶᠢᠨ ᠬᠥᠩᠭᠡᠨ ᠮᠣᠷᠢᠲᠤ ᠴᠡᠷᠢᠭ︾᠂ ︽ᠲᠣᠷᠭᠠᠨ ᠵᠠᠮ ᠤᠨ ᠪᠠᠶᠠᠷ ᠤᠨ | ᠳᠠᠭᠤᠤ︾᠂ ᠳᠠᠭᠤᠤ ︽ᠲᠠᠯ᠎ᠠ ᠨᠤᠲᠤᠭ ᠤᠨ ᠪᠠᠶᠢᠭᠠᠯᠢ ᠶᠢᠨ ᠡᠭᠡᠰᠢᠭ︾᠂ ︽ᠪᠤᠯᠠᠭᠠᠨᠳᠣᠬᠤᠢ︾ ᠵᠡᠷᠭᠡ | ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠵᠢᠴᠢ ᠵᠤᠭᠠᠴᠠᠭᠰᠠᠳ ᠤᠨ | ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ ᠰᠠᠶᠢᠰᠢᠶᠠᠯ ᠢ ᠣᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ | ᠵᠢᠴᠢ ᠵᠢᠭᠤᠯᠴᠢᠯᠠᠭᠴᠢᠳ ᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠦᠨ ᠵᠤᠵᠠᠭᠠᠨ ᠰᠣᠶᠣᠯ ᠤᠨ | ᠰᠠᠭᠤᠷᠢ ᠪᠠ ᠲᠠᠯ᠎ᠠ ᠨᠤᠲᠤᠭ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢ | ᠪᠡᠶ᠎ᠡ ᠪᠠᠷ ᠢᠶᠠᠨ ᠮᠡᠳᠡᠷᠡᠭᠦᠯᠪᠡ᠃ | | ᠤᠷᠤᠯᠳᠤᠭᠠᠨ ᠤ ᠮᠣᠷᠢ ᠤᠷᠤᠯᠳᠤᠬᠤ ᠪᠠ ᠪᠦᠬᠡ ᠶᠢᠨ ᠤᠷᠤᠯᠳᠤᠭᠠᠨ ᠨᠢ ᠲᠤᠬᠠᠶ ᠶᠢᠨ ᠲᠠᠯᠠᠪᠠᠢ ᠶᠢᠨ | ᠦᠵᠡᠭᠴᠢᠳ ᠪᠠ ᠵᠤᠭᠠᠴᠠᠭᠰᠠᠳ ᠢ ᠬᠠᠯᠠᠭᠤᠨ ᠴᠢᠰᠤ ᠪᠠᠷ ᠤᠷᠤᠰᠬᠠᠭᠤᠯᠪᠠ᠃ ᠮᠣᠷᠢᠨ ᠤᠷᠤᠯᠳᠤᠭᠠᠨ ᠤ | ᠲᠠᠯᠠᠪᠠᠢ ᠳᠤ᠂ ᠮᠣᠷᠢᠲᠤ ᠲᠠᠮᠢᠷᠴᠢᠨ ᠠᠵᠢᠨᠠᠢ ᠬᠦᠯᠦᠭ ᠢᠶᠠᠨ ᠵᠢᠯᠣᠭᠤᠳᠴᠤ᠂ ᠴᠤᠭ ᠪᠠᠳᠠᠷᠠᠩᠭᠤᠢ ᠪᠠᠷ ᠬᠤᠷᠳᠤᠴᠠ | ᠣᠷᠭᠢᠯᠤᠮ᠎ᠠ ᠰᠡᠳᠭᠢᠯᠭᠡ ᠲᠠᠢ ᠮᠦᠷᠬᠦᠯᠳᠤᠵᠤ ᠪᠠᠶᠢᠨ᠎ᠠ︔ ᠪᠦᠬᠡ ᠶᠢᠨ ᠤᠷᠤᠯᠳᠤᠭᠠᠨ ᠤ ᠲᠠᠯᠠᠪᠠᠢ ᠳᠤ᠂ ᠪᠦᠬᠡᠴᠢᠳ | ᠨᠢ ᠴᠤᠭ ᠵᠢᠪᠬᠤᠭ᠎ᠠ ᠲᠠᠢ ᠪᠠᠶᠢᠵᠤ᠂ ᠬᠦᠴᠦᠨ ᠴᠢᠳᠠᠯ ᠪᠠ ᠤᠷ᠎ᠠ ᠮᠡᠷᠭᠡᠵᠢᠯ ᠳᠡᠭᠡᠨ ᠳᠦᠰᠢᠭᠯᠡᠨ ᠰᠢᠷᠤᠬᠦᠨ | ᠥᠷᠢᠰᠦᠯᠳᠦᠭᠡᠨ ᠶᠠᠪᠤᠭᠤᠯᠵᠤ᠂ ᠨᠠᠶᠢᠷ ᠤᠨ ᠲᠠᠯᠠᠪᠠᠢ ᠨᠢ ᠬᠦᠷ ᠬᠦᠭᠵᠢᠶᠡᠨ ᠢᠶᠠᠷ ᠪᠢᠯᠬᠠᠪᠠ᠃ | | ︽ᠪᠢ 20 ᠵᠢᠯ ᠤᠨ ᠳᠤᠷᠰᠢ ᠡᠯ᠎ᠡ ᠨᠠᠭᠠᠳᠤᠮ ᠳᠤ ᠤᠷᠤᠯᠴᠠᠵᠤ᠂ 18 ᠨᠠᠰᠤᠨ ᠠᠴᠠ ᠡᠬᠢᠯᠡᠨ ᠨᠠᠰᠤᠨ ᠳᠤ | ᠬᠦᠷᠦᠭᠰᠡᠳ ᠤᠨ ᠨᠠᠭᠠᠳᠤᠮ ᠳᠤ ᠣᠷᠣᠯᠴᠠᠵᠤ᠂ ᠣᠳᠣ 38 ᠨᠠᠰᠤᠲᠠᠢ᠃ ᠤᠯᠠᠨ ᠤᠳᠠᠭᠠᠨ ᠤ ᠨᠠᠭᠠᠳᠤᠮ ᠳᠤ | ᠣᠷᠣᠯᠴᠠᠵᠤ᠂ ᠪᠦᠬᠦ ᠤᠯᠤᠰ ᠤᠨ ᠴᠢᠨᠠᠷᠲᠠᠢ᠂ ᠣᠷᠣᠨ ᠨᠤᠲᠤᠭ ᠤᠨ ᠴᠢᠨᠠᠷᠲᠠᠢ᠂ ᠡᠨᠡ ᠪᠣᠯ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠠᠩᠬ᠎ᠠ ᠤᠳᠠᠭ᠎ᠠ ᠣᠷᠣᠯᠴᠠᠵᠤ ᠪᠠᠶᠢᠭ᠎ᠠ᠂ ᠮᠠᠰᠢ ᠪᠠᠶᠠᠷ ᠲᠠᠢ ᠪᠠᠶᠢᠨ᠎ᠠ︾ ᠭᠡᠵᠦ | ᠰᠢᠯᠢ ᠶᠢᠨ ᠭᠤᠣᠯ ᠠᠶᠢᠮᠠᠭ ᠠᠴᠠ ᠢᠷᠡᠭᠰᠡᠨ ᠪᠦᠬᠡᠴᠢᠨ ᠴᠣᠭᠮᠠᠨᠳᠤᠬᠤ ᠢᠲᠡᠭᠡᠯ ᠳᠦᠭᠦᠷᠡᠩ ᠶᠠᠷᠢᠵᠤ ᠪᠠᠶᠢᠨ᠎ᠠ᠃ | | ᠳᠥᠷᠪᠡᠳ ᠬᠤᠰᠢᠭᠤᠨ ᠠᠴᠠ ᠢᠷᠡᠭᠰᠡᠨ ᠤᠶᠠᠭᠠᠴᠢᠨ᠄ ︽ᠪᠢ ᠳᠥᠷᠪᠡᠳ ᠬᠤᠰᠢᠭᠤ ᠠᠴᠠ ᠢᠷᠡᠭᠰᠡᠨ᠂ | ᠥᠨᠥᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠤᠷᠤᠯᠳᠤᠭᠠᠨ ᠳᠤ ᠣᠷᠣᠯᠴᠠᠭᠰᠠᠨ ᠳᠤ | ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠪᠢ ᠪᠠᠷᠤᠭ 7 ᠵᠢᠯ ᠮᠣᠷᠢ ᠤᠨᠤᠵᠤ᠂ ᠶᠡᠭᠡ ᠪᠠᠭ᠎ᠠ ᠨᠠᠭᠠᠳᠤᠮ ᠤᠨ | ᠬᠤᠷᠠᠯ ᠳᠤ ᠣᠯᠠᠨ ᠤᠳᠠᠭ᠎ᠠ ᠣᠷᠣᠯᠴᠠᠵᠤ᠂ ᠥᠨᠥᠳᠦᠷ ᠠᠮᠵᠢᠯᠳᠠ ᠤᠯᠬᠤ ᠶᠢ ᠬᠦᠰᠡᠵᠤ ᠪᠠᠶᠢᠨ᠎ᠠ᠃︾ | | ︽ᠪᠢᠳᠡ ᠱᠠᠨᠳᠦ᠋ᠩ ᠠᠴᠠ ᠢᠷᠡᠵᠦ ᠵᠢᠭᠤᠯᠴᠢᠯᠠᠵᠤ ᠪᠠᠶᠢᠨ᠎ᠠ᠂ ᠤᠯᠠᠭᠠᠨᠴᠠᠪ ᠤᠨ ᠭᠠᠯᠲᠤ ᠠᠭᠤᠯᠠ᠂ ᠲᠠᠯ᠎ᠠ | ᠨᠤᠲᠤᠭ ᠮᠠᠰᠢ ᠭᠤᠶᠤ ᠪᠠᠶᠢᠳᠠᠭ ᠭᠡᠵᠦ ᠶᠠᠷᠢᠭᠳᠠᠭᠰᠠᠭᠠᠷ ᠪᠠᠶᠢᠨ᠎ᠠ᠃ ᠦᠨᠤᠲᠤᠷ ᠭᠠᠯᠳᠤ ᠠᠭᠤᠯᠠᠨ ᠳᠤ ᠤᠴᠢᠭᠰᠠᠨ᠂ | ᠲᠡᠭᠡᠬᠦ ᠪᠠᠷ ᠮᠠᠰᠢ ᠤᠯᠠᠨ ᠲᠡᠷᠭᠡ ᠤᠯᠵᠤ ᠬᠠᠷᠠᠭᠠᠳ᠂ ᠤᠯᠠᠨ ᠤᠯᠠᠭᠠᠨ ᠲᠤᠭ ᠨᠠᠮᠢᠷᠠᠵᠤ᠂ ᠲᠡᠭᠡᠭᠡᠳ | ᠠᠳᠡᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠩᠬᠠᠳᠤᠭᠠᠷ ᠤᠳᠠᠭᠠᠨ ᠤ ᠨᠠᠭᠠᠳᠤᠮ ᠤᠨ ᠬᠤᠷᠠᠯ | ᠪᠤᠯᠤᠭᠰᠠᠨ ᠢ ᠮᠡᠳᠡᠪᠡ᠂ ᠪᠢᠳᠡ ᠮᠤᠷᠢ ᠤᠷᠤᠯᠳᠤᠬᠤ᠂ ᠪᠦᠬᠡ ᠪᠠᠷᠢᠯᠳᠤᠬᠤ ᠵᠡᠷᠭᠡ ᠨᠢ ᠮᠠᠰᠢ ᠬᠦᠭᠵᠢᠶᠠᠨ ᠲᠠᠢ | ᠰᠠᠨᠠᠭᠳᠠᠵᠤ ᠪᠠᠶᠢᠨ᠎ᠠ᠃ ᠳᠠᠷᠠᠭ᠎ᠠ ᠵᠢᠯ ᠪᠢᠳᠡ ᠪᠠᠰᠠ ᠢᠷᠡᠶ᠎ᠡ ᠭᠡᠵᠦ ᠪᠣᠳᠣᠵᠤ ᠪᠠᠶᠢᠨ᠎ᠠ︾ ᠬᠡᠵᠤ ᠱᠠᠨᠳᠦ᠋ᠩ | ᠮᠤᠵᠢ ᠶᠢᠨ ᠵᠢᠭᠤᠯᠴᠢᠨ ᠯᠢ ᠴᠢᠨ ᠰᠡᠬᠦᠳᠡᠷᠯᠡᠬᠦ ᠮᠠᠰᠢᠨ ᠤ ᠡᠮᠤᠨ᠎ᠡ ᠲᠤᠭᠳᠤᠯᠤᠨ ᠬᠡᠯᠡᠪᠡ᠃ | | ᠵᠤᠬᠢᠶᠠᠭᠴᠢ᠄ ᠰᠦᠨ ᠯᠢ ᠨᠠ | ᠴᠢᠮᠡᠭᠡᠯᠡᠭᠴᠢ᠄ ᠨᠠᠷᠬᠢᠯ᠂ ᠸᠠᠩ ᠢᠤᠢ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |