︵2024 ᠣᠨ ᠤ 8 ᠰᠠᠷ᠎ᠠ ᠶᠢᠨ 14 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ | ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ 2024 ᠣᠨ ᠤ 8 ᠰᠠᠷ᠎ᠠ ᠶᠢᠨ | 14 ᠤ ᠡᠳᠦᠷ ᠪᠠᠶᠠᠨᠴᠠᠭᠠᠨ ᠪᠠᠯᠭᠠᠰᠤᠨ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 35 ᠬᠥᠮᠦᠨ᠂ | ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠮᠠᠨ ᠤ ᠬᠤᠰᠢᠭᠤᠨ ᠤ ᠬᠤᠲᠠ ᠶᠢᠨ ᠲᠠᠪᠤᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ᠂ ᠬᠤᠰᠢᠭᠤᠨ ᠤ ᠠᠷᠪᠠᠨ | ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ | ᠰᠤᠯᠠ ᠣᠷᠣᠯᠴᠠᠵᠠᠶ᠃ | | 8 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠰᠦᠨ ᠶᠢᠩ / | ᠰᠡᠭᠦᠲᠡᠷᠯᠡᠪᠡ | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ | ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠷᠢᠶᠠᠨ ᠤ ᠬᠡᠷᠡᠭᠵᠢᠭᠦᠯᠬᠦ ᠰᠠᠨᠠᠯ︾ ᠢ ᠬᠢᠨᠠᠨ | ᠵᠥᠪᠯᠡᠵᠦ ᠪᠠᠲᠤᠯᠠᠪᠠ᠃ ᠼᠦᠢ ᠶᠦᠩ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠶ ᠪᠦᠭᠦᠳᠡ | ᠬᠤᠷᠠᠯ ᠳᠤ ᠲᠣᠳᠣᠷᠬᠠᠶᠢᠯᠠᠯᠲᠠ ᠬᠢᠪᠠ᠃ | | 8 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ | ᠪᠠᠶᠠᠨᠴᠠᠭᠠᠨ ᠪᠠᠯᠭᠠᠰᠤᠨ ᠤ ᠰᠣᠶᠣᠯ ᠤᠨ ᠲᠥᠪ ᠲᠤ ᠬᠤᠷᠠᠯᠳᠤᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ | ᠵᠢᠯ ᠤᠨ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ | ᠠᠵᠢᠯ ᠤᠨ ᠭᠤᠤᠯ ᠱᠤᠭᠤᠮ ᠪᠣᠯᠭᠠᠨ ᠢᠮᠠᠭᠲᠠ ᠲᠤᠤᠱᠯᠠᠭᠤᠯᠵᠤ᠂ ︽ᠬᠤᠶᠠᠷ ᠢ ᠬᠠᠮᠠᠭᠠᠯᠠᠬᠤ︾ ᠶᠢ | ᠤᠬᠠᠮᠰᠠᠷ ᠠᠴᠠ ᠪᠠᠨ ᠡᠷᠡᠰ ᠦᠢᠯᠡᠳᠦᠯᠭᠡᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠵᠦ᠂ ᠨᠠᠮ ᠤᠨ ᠪᠠᠶᠢᠭᠤᠯᠤᠯᠲᠠ ᠪᠥᠬᠦ ᠲᠠᠯ᠎ᠠ ᠪᠠᠷ | ᠴᠢᠩᠭᠠᠳᠬᠠᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃ | ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ | ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ | ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠠ | ᠭᠦᠨᠴᠡ ᠲᠠᠢ ᠤᠷᠤᠭᠰᠢᠯᠠᠬᠤ ᠶᠢᠨ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠮᠥᠨ᠂ ᠨᠠᠮ ᠤᠨ | ᠲᠡᠦᠬᠡᠨ ᠳᠡᠭᠡᠷᠡᠬᠢ ᠪᠠᠰᠠ ᠨᠢᠭᠡᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠃ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠶᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ | ᠲᠥᠪᠯᠡᠷᠡᠭᠦᠯᠦᠨ ᠰᠤᠷᠤᠯᠴᠠᠬᠤ᠂ ᠤᠬᠠᠭᠤᠯᠤᠨ ᠲᠠᠶᠢᠯᠪᠤᠷᠢᠯᠠᠬᠤ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠬᠦ᠂ | ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠨᠠᠷᠢᠯᠢᠬᠵᠢᠭᠤᠯᠵᠤ᠂ | ᠪᠣᠳᠠᠲᠠᠶᠢᠵᠢᠭᠤᠯᠵᠤ᠂ ᠨᠠᠷᠢᠨ ᠬᠠᠭᠤᠳᠠᠰᠤ ᠪᠣᠯᠭᠠᠵᠤ᠂ ᠪᠥᠬᠦᠳᠡ ᠬᠤᠷᠠᠯ ᠤᠨ ᠴᠢᠬᠤᠯᠠ ᠶᠡᠭᠡ ᠥᠭᠡᠷᠡᠴᠢᠯᠡᠯᠲᠡ ᠶᠢᠨ | ᠠᠰᠢᠭ ᠲᠤᠰᠠ ᠶᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ᠂ ᠰᠢᠨ᠎ᠡ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ | ᠪᠥᠬᠦᠳᠡ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠢ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠶᠢ | ᠰᠠᠶᠢᠲᠤᠷ ᠪᠡᠶᠡᠯᠡᠭᠦᠯᠬᠦ ᠠᠵᠢᠯ ᠤᠨ ᠳᠤᠮᠳᠠ ᠵᠢᠳᠬᠦᠯ ᠴᠢᠷᠮᠠᠶᠢᠯᠭ᠎ᠠ ᠭᠠᠷᠭᠠᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠢ | ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠵᠦ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ | ᠰᠢᠪᠲᠤᠯᠬᠤ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠨᠡᠭᠡᠭᠡᠯᠲᠡ ᠶᠢᠨ ᠦᠢᠯᠡᠴᠢᠯᠡᠭᠡᠨ ᠤ | ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠠᠶᠢᠭᠤᠯᠬᠤ ᠲᠠᠯ᠎ᠠ ᠪᠠᠷ ᠡᠷᠡᠮᠡᠬᠡᠶᠢᠯᠡᠨ ᠤᠷᠤᠭᠰᠢᠯᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠬᠠᠮᠵᠢᠯᠴᠠᠨ | ᠬᠥᠭᠵᠢᠬᠦ ᠶᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠮᠡᠳᠡᠭᠡ ᠵᠠᠩᠭᠢ ᠶᠢᠨ ᠬᠤᠯᠪᠣᠯᠳᠤᠨ | ᠨᠡᠪᠲᠡᠷᠡᠯᠴᠡᠬᠦ ᠪᠠ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠯᠠᠨ ᠡᠰᠢᠵᠢᠨ ᠬᠦᠭᠵᠢᠭᠰᠡᠨ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠲᠡᠮᠡᠴᠡᠵᠦ᠂ ᠬᠦᠷᠢᠶᠡᠯᠡᠩ ᠲᠣᠭᠤᠷᠢᠭ ᠤᠨ | ᠴᠢᠳᠠᠮᠵᠢ ᠶᠢᠨ ᠪᠠᠶᠢᠷᠢᠰᠢᠭᠤᠯᠤᠯᠲᠠ ᠪᠣᠯᠤᠨ ᠣᠷᠣᠨ ᠵᠠᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠡᠯᠬᠢᠶ᠎ᠡ ᠶᠢ | ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠠᠵᠢᠯ ᠢ ᠪᠣᠳᠠᠲᠠᠶᠢᠵᠢᠭᠤᠯᠵᠤ᠂ ᠨᠡᠩ | ᠤᠯᠠᠨ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠵᠤ᠂ ᠨᠢᠭᠡ ᠠᠵᠤ | ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠶᠢᠨ ︽ᠦᠢᠯᠡᠴᠢᠯᠡᠭᠡᠨ ᠤ ᠳᠠᠭᠠᠭᠠᠴᠢᠯᠠᠯᠲᠠ︾ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ | ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠠᠬᠢᠭᠤᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ | ᠪᠠᠶᠠᠯᠢᠭ ᠤᠳᠤ ᠦᠶ᠎ᠡ ᠶᠢᠨ ᠵᠤᠭᠠᠴᠠᠯ ᠤᠨ ᠬᠡᠷᠡᠭᠯᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠪᠣᠳᠠᠲᠠᠢ ᠶᠢ | ᠡᠷᠬᠢᠮᠯᠡᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠵᠤ ᠦᠢᠯᠡᠰ ᠤᠨ ᠬᠠᠮᠵᠢᠯᠴᠠᠭ᠎ᠠ᠂ ᠠᠵᠢᠯ ᠣᠯᠭᠤᠯᠲᠠ ᠶᠢᠨ | ᠳᠠᠮᠵᠢᠭᠤᠯᠤᠨ ᠰᠢᠯᠵᠢᠭᠦᠯᠬᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠡᠷᠴᠢᠮ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ | ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ | ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠳᠦᠯᠦᠨ | ᠳᠠᠭᠠᠭᠤᠯᠵᠤ ᠵᠣᠷᠢᠭᠵᠢᠭᠤᠯᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠷᠤᠢ ᠪᠠᠭᠤᠷᠠᠢ ᠰᠤᠯᠠ | ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠩᠭᠤᠵᠢᠭᠤᠯᠤᠨ ᠴᠡᠭᠴᠡᠯᠡᠵᠦ᠂ | ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠪᠣᠳᠠᠲᠠᠢ | ᠠᠵᠢᠯᠯᠠᠬᠤ ᠶᠢ ᠡᠷᠬᠢᠮᠯᠡᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠰᠢᠰᠲ᠋ᠧᠮ ᠢ | ᠪᠦᠷᠢᠨᠰᠢᠬᠦᠯᠵᠦ᠂ ᠰᠣᠶᠣᠯ ᠪᠠ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠬᠥᠮᠦᠵᠢᠯ ᠪᠣᠯᠪᠠᠰᠤᠷᠠᠭᠤᠯᠤᠯ ᠤᠨ | ᠲᠦᠷᠢᠮ ᠢ ᠪᠠᠶᠢᠭᠤᠯᠤᠨ ᠪᠦᠷᠢᠨᠰᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ | ᠤᠳᠠᠭᠠᠨ ᠪᠦᠳᠦᠭᠦᠯᠢᠭ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠠᠶᠢᠩᠭᠤᠵᠢᠭᠤᠯᠤᠨ ᠠᠬᠢᠭᠤᠯᠵᠤ᠂ ᠨᠠᠮ ᠤᠨ | ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠬᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠬᠦᠳᠡ ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ᠂ ᠰᠣᠶᠣᠯ ᠵᠤᠭᠠᠴᠠᠯ ᠤᠨ ᠬᠡᠷᠡᠭᠯᠡᠭᠡ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠡᠳᠬᠦᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠭᠦᠨᠵᠡᠭᠡᠢ | ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠥᠨᠳᠥᠷ ᠪᠦᠲᠦᠮᠵᠢᠲᠡᠢ ᠠᠬᠢᠭᠤᠯᠵᠤ᠂ ᠲᠣᠭᠲᠠᠭᠠᠭᠰᠠᠨ ᠡᠯ᠎ᠡ | ᠵᠦᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠤᠷᠤᠭᠰᠢ ᠠᠬᠢᠭᠤᠯᠵᠤ᠂ ᠤᠷᠤᠭᠰᠢᠯᠠᠭᠤᠯᠵᠤ᠂ ᠤᠷᠢᠳᠴᠢᠯᠠᠨ | ᠪᠡᠶᠡᠯᠡᠭᠦᠯᠵᠦ ᠳᠡᠶᠢᠯᠬᠦ ᠶᠢ ᠨᠢ ᠤᠷᠢᠳᠴᠢᠯᠠᠨ ᠳᠠᠩᠰᠠ ᠲᠤᠰᠢᠶᠠᠵᠤ᠂ ᠦᠨᠡᠨ ᠪᠣᠳᠠᠲᠠᠢ ︽ᠬᠠᠲᠠᠭᠤ ᠠᠷᠭ᠎ᠠ︾ ᠪᠠᠷ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠵᠢᠯ ᠤᠨ ᠡᠴᠦᠰ ᠲᠤ | ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ᠃ | ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ | ᠭᠤᠣᠯ ᠱᠤᠭᠤᠮ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠳᠤ ᠤᠷᠲᠤᠳᠬᠠᠨ ᠬᠦᠴᠦᠯᠡᠬᠦ ᠶᠢ ᠠᠬᠢᠭᠤᠯᠬᠤ | ᠬᠡᠷᠡᠭᠲᠡᠢ᠃ ᠪᠣᠳᠠᠲᠠᠢ ᠠᠵᠢᠯᠯᠠᠬᠤ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠥᠭᠵᠢᠯᠲᠡ ᠶᠢ ᠠᠬᠢᠭᠤᠯᠬᠤ᠂ | ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠭᠤᠷᠪᠠᠨ ᠵᠦᠢᠯ ᠤᠨ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ | ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠴᠢᠨᠠᠷ ᠰᠠᠶᠢᠲᠠᠶ | ᠳᠠᠪᠠᠯᠲᠠ ᠪᠠᠷ ᠬᠥᠭᠡᠭᠡᠴᠡᠯᠳᠦᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ | ᠤᠷᠢᠶᠠᠯᠠᠪᠠ᠃ | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |