ᠲᠡᠮᠦᠷᠲᠡᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠᠯᠭᠠᠰᠤᠨ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠲᠠᠢ ᠬᠠᠮᠲᠤᠷᠠᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2024/8/22
    8 ᠰᠠᠷ᠎ᠠ ᠶᠢᠨ 20 ᠤ ᠣᠷᠣᠢ᠂ ᠲᠡᠮᠦᠷᠲᠡᠢ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ ᠬᠠᠮᠲᠤᠷᠠᠭᠰᠠᠨ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠬᠦᠴᠢᠷᠳᠡᠯ ᠳᠤ ᠲᠤᠯᠭᠠᠷᠠᠭᠰᠠᠨ ᠠᠯᠠᠰᠢᠨ ᠬᠤᠨᠢ ᠶᠢ 2000 ᠭᠠᠷᠤᠶ ᠠᠪᠤᠷᠠᠪᠠ᠃     ᠣᠬᠤᠷᠬᠠᠨ ᠬᠤᠭᠤᠴᠠᠭᠠᠨ ᠤ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠣ᠂ ᠲᠡᠮᠦᠷᠲᠡᠢ ᠪᠠᠯᠭᠠᠰᠤᠨ ᠤ ᠬᠡᠰᠡᠭ ᠲᠠᠬᠢ ᠵᠠᠷᠢᠮ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ ᠤᠰᠤ ᠬᠦᠨᠳᠦ ᠨᠣᠴᠢᠲᠠᠶ ᠣᠷᠣᠵᠤ᠂ 2000 ᠰᠢᠬᠠᠮ ᠬᠤᠨᠢ ᠶᠢ ᠤᠰᠤᠨ ᠳᠤ ᠬᠠᠰᠢᠭᠳᠠᠵᠤ᠂ ᠠᠶᠤᠵᠤ ᠰᠣᠴᠢᠭᠰᠠᠨ ᠪᠣᠯᠬᠤᠷ ᠲᠡᠵᠢᠭᠡᠨ ᠦᠷᠡᠵᠢᠭᠦᠯᠬᠦ ᠲᠠᠯᠠᠪᠠᠶ ᠬᠡᠳᠦᠨ ᠳᠠᠬᠢᠨ ᠬᠥᠭᠡᠭᠡᠵᠦ ᠭᠦᠢᠴᠡᠭᠰᠡᠨ ᠤ ᠳᠠᠷᠠᠭ᠎ᠠ ᠪᠠᠯᠭᠠᠰᠤᠨ ᠤ ᠵᠠᠰᠠᠭ ᠤᠨ ᠣᠷᠳᠣᠨ ᠠᠴᠠ ᠲᠤᠰᠠᠯᠠᠮᠵᠢ ᠭᠤᠶᠤᠪᠠ᠃
    ᠪᠠᠯᠭᠠᠰᠤᠨ ᠤ ᠵᠠᠰᠠᠭ ᠤᠨ ᠣᠷᠳᠣᠨ ᠲᠤᠰᠠᠯᠠᠮᠵᠢ ᠭᠤᠶᠤᠴᠢᠯᠠᠭᠰᠠᠨ ᠮᠡᠳᠡᠭᠡ ᠵᠠᠩᠭᠢ ᠶᠢ ᠣᠯᠤᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠡᠶ᠎ᠡ ᠪᠠᠷ ᠢᠶᠠᠨ ᠪᠦᠯᠬᠦᠮ ᠳᠠᠭᠠᠭᠤᠯᠵᠤ᠂ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠬᠤ ᠶᠢᠨ ᠬᠠᠮᠲᠤ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠲᠠᠢ ᠬᠠᠷᠢᠯᠴᠠᠵᠤ ᠲᠤᠬᠠᠢ ᠶᠢᠨ ᠲᠠᠯᠠᠪᠠᠢ ᠳᠤ ᠬᠦᠷᠪᠡ᠃ ᠭᠠᠮᠰᠢᠭ ᠲᠤ ᠳᠠᠭᠠᠷᠢᠭᠳᠠᠭᠰᠠᠨ ᠲᠡᠵᠢᠭᠡᠨ ᠦᠷᠡᠵᠢᠭᠦᠯᠬᠦ ᠲᠠᠯᠠᠪᠠᠢ ᠳᠣᠲᠣᠷ᠎ᠠ᠂ 3 ᠫᠧᠩ ᠬᠤᠷᠤᠭ᠎ᠠ ᠨᠢ ᠬᠦᠨᠳᠦ ᠨᠣᠴᠢᠲᠠᠶ ᠪᠠᠶᠢᠵᠤ᠂ ᠭᠠᠵᠠᠷ ᠤᠨ ᠭᠠᠳᠠᠷᠭᠤ ᠳᠤ ᠶᠡᠭᠡ ᠪᠠᠭ᠎ᠠ ᠨᠢ ᠠᠳᠠᠯᠢ ᠦᠭᠡᠶ ᠤᠰᠤᠨ ᠨᠦᠬᠡ ᠪᠠᠶᠢᠵᠤ᠂ ᠬᠠᠮᠤᠭ ᠤᠨ ᠭᠦᠨ ᠨᠢ ᠬᠤᠨᠢᠨ ᠤ ᠭᠡᠳᠡᠰᠤᠨ ᠳᠤ ᠲᠤᠯᠵᠤ᠃ ᠠᠶᠤᠵᠤ ᠥᠷᠭᠦᠭᠡᠳᠡᠭᠰᠡᠨ ᠬᠤᠨᠢᠨ ᠰᠦᠷᠦᠭ ᠨᠢ  ᠠᠳᠣᠷᠢᠭᠠᠳ ᠰᠠᠷᠠᠪᠴᠢᠨ ᠤ ᠭᠦᠨ ᠳᠤ ᠬᠤᠷᠠᠨ ᠴᠤᠭᠯᠠᠷᠠᠵᠤ ᠶᠠᠭᠠᠬᠢᠵᠤ  ᠲᠠᠭᠤᠭᠰᠠᠨ ᠴᠦ ᠬᠦᠳᠡᠯᠬᠦ ᠦᠬᠡᠢ ᠪᠤᠯᠵᠠᠢ᠃ ᠡᠨᠡ ᠦᠶ᠎ᠡ ᠳᠤ 2000 ᠬᠤᠨᠢ ᠨᠢ ᠬᠦᠢᠲᠡᠨ ᠪᠣᠷᠣᠭᠠᠨ ᠳᠤ 3 ᠴᠠᠭ ᠪᠡᠭᠡᠷᠡᠵᠤ᠂ ᠳᠤᠯᠠᠭᠠᠨ ᠢᠶᠠᠨ ᠠᠯᠳᠠᠵᠤ ᠦᠬᠦᠬᠦ ᠠᠶᠤᠯ ᠲᠠᠢ ᠪᠣᠯᠵᠠᠶ᠃
     ᠲᠦᠷ ᠵᠥᠪᠳᠡᠯᠴᠡᠵᠦ ᠪᠠᠶᠢᠭᠠᠳ ᠠᠪᠤᠷᠠᠨ ᠲᠤᠰᠠᠯᠠᠬᠤ ᠬᠥᠮᠦᠰ ᠬᠠᠰᠢᠭᠳᠠᠭᠰᠠᠨ ᠬᠤᠨᠢᠨ ᠤ ᠬᠠᠰᠢᠶ᠎ᠠ ᠠᠴᠠ ᠰᠢᠭᠤᠳ ᠲᠡᠪᠡᠷᠢᠨ ᠭᠠᠷᠭᠠᠵᠤ᠂ ᠬᠤᠨᠢᠨ ᠤ ᠡᠵᠡᠨ ᠨᠢ ︽ ᠬᠤᠨᠢᠨ ᠰᠦᠷᠦᠭ ᠶᠢ ᠶᠠᠪᠤᠭᠤᠯᠪᠠᠯ ᠵᠠᠪᠠᠯ ᠬᠤᠨᠢᠨ ᠤ ᠲᠡᠷᠢᠬᠦᠨ ᠨᠢ ᠳᠠᠭᠠᠭᠤᠯᠪᠠᠯ ᠪᠤᠰᠤᠳ ᠬᠤᠨᠢ ᠨᠢ ᠰᠠᠶ᠋ᠢ ᠳᠠᠭᠠᠵᠤ ᠶᠠᠪᠤᠨ᠎ᠠ︾ ᠭᠡᠵᠦ ᠰᠠᠨᠠᠭᠤᠯᠭ᠎ᠠ ᠭᠠᠷᠭᠠᠪᠠ᠃ ᠴᠢᠯᠥᠭᠡᠯᠡᠬᠦ ᠴᠡᠷᠢᠭ ᠤᠨ ᠵᠠᠯᠠᠭᠤ ᠪᠠᠶᠢᠯᠳᠤᠭᠴᠢᠳ ᠲᠡᠷᠢᠬᠦᠨ ᠬᠤᠨᠢᠨ ᠤ ᠲᠣᠯᠣᠭᠠᠶ ᠶᠢ ᠨᠢ ᠴᠢᠩᠭ᠎ᠠ ᠬᠠᠪᠴᠢᠨ ᠭᠤᠷᠪᠠᠨᠲᠠ ᠬᠦᠴᠤᠳᠡᠶᠢᠬᠡᠨ‌ᠬᠠᠰᠭᠢᠷᠴᠤ᠂ ᠲᠠᠲᠠᠯᠳᠤᠬᠤ ᠳᠤ᠂ ᠬᠡᠳᠦᠨ ᠰᠦᠷᠦᠭ ᠳᠠᠭᠠᠭᠤᠯᠤᠭᠴᠢ ᠲᠡᠷᠢᠬᠦᠨ  ᠨᠢ ᠬᠤᠭᠤᠰᠣᠨ ᠭᠠᠵᠠᠷ ᠲᠤ ᠰᠢᠯᠵᠢᠵᠦ ᠡᠬᠢᠯᠡᠯ᠎ᠡ᠃      ᠲᠡᠭᠷᠢ ᠤᠯᠠᠮ ᠢᠶᠠᠷ ᠣᠷᠣᠢ ᠪᠣᠯᠵᠤ᠂ ᠰᠥᠨᠢ ᠮᠥᠨ ᠪᠣᠷᠣᠭᠠᠨ ᠣᠷᠣᠵᠤ᠂ ᠬᠤᠨᠢᠨ ᠰᠦᠷᠦᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠵᠠᠰᠠᠭ ᠤᠨ ᠣᠷᠳᠣᠨ ᠠᠴᠠ ᠪᠤᠰᠤᠳ ᠲᠡᠵᠢᠭᠡᠨ ᠦᠷᠡᠵᠢᠭᠦᠯᠬᠦ ᠲᠠᠯᠠᠪᠠᠢ ᠳᠤ ᠵᠥᠪᠳᠡᠯᠴᠡᠵᠦ᠂ ᠲᠦᠷ ᠴᠠᠭ ᠬᠠᠰᠢᠶ᠎ᠠ ᠰᠠᠷᠠᠪᠴᠢ ᠰᠤᠯᠠᠯᠠᠵᠤ ᠬᠤᠨᠢ ᠥᠭᠬᠦ ᠪᠠᠷ ᠪᠣᠯᠪᠠ᠃ ᠤᠰᠤᠨ ᠬᠤᠩᠬᠢᠯ ᠣᠪᠣᠭᠠᠷᠠᠵᠤ᠂ ᠵᠠᠮ ᠨᠢ ᠰᠢᠪᠠᠷ ᠱᠠᠯᠴᠢᠭ ᠲᠠᠢ ᠪᠣᠯᠬᠤᠷ ᠠᠪᠤᠷᠠᠨ ᠲᠤᠰᠠᠯᠠᠬᠤ ᠬᠥᠮᠦᠰ ᠪᠣᠷᠣᠭᠠᠨ ᠤ ᠳᠤᠮᠳᠠ ᠱᠠᠯᠴᠢᠭ ᠲᠠᠢ ᠨᠦᠬᠡᠨ ᠤ ᠬᠦᠨ ᠬᠦᠢᠬᠡᠨ ᠭᠠᠵᠠᠷ ᠢ ᠬᠠᠶᠢᠬᠤᠷᠬᠤ ᠦᠬᠡᠢ᠂ ᠪᠣᠷᠣᠭᠠᠨ ᠳᠤ ᠨᠣᠷᠣᠭᠳᠠᠭᠰᠠᠨ ᠤ ᠳᠠᠷᠠᠭ᠎ᠠ ᠬᠤᠨᠢᠨ ᠤ ᠨᠣᠣᠰᠣ ᠨᠢ ᠤᠰᠤ ᠰᠤᠷᠴᠤ᠂ ᠪᠡᠶ᠎ᠡ ᠶᠢᠨ ᠬᠦᠨᠳᠦ ᠨᠢ ᠶᠡᠭᠡ ᠪᠠᠷ ᠨᠡᠮᠡᠭᠳᠡᠨ᠂  ᠬᠤᠨᠢᠨ ᠤ ᠰᠢᠯᠵᠢᠬᠦ ᠬᠤᠷᠳᠤᠴᠠ ᠨᠢ ᠤᠳᠠᠭᠠᠰᠢᠷᠠᠵᠤ᠂ ᠠᠪᠤᠷᠠᠨ ᠲᠤᠰᠠᠯᠠᠬᠤ ᠬᠦᠴᠢᠷᠳᠡᠯ ᠨᠢ ᠶᠡᠭᠡ ᠪᠠᠷ ᠨᠡᠮᠡᠭᠳᠡᠪᠡ᠃ ᠲᠠᠪᠤᠨ ᠵᠠᠭᠤᠨ ᠮᠧᠲᠷ ᠤᠨ ᠵᠠᠶᠢᠲᠠᠶ ᠭᠠᠵᠠᠷ ᠲᠤ ᠴᠢᠯᠥᠭᠡᠯᠡᠬᠦ ᠴᠡᠷᠢᠭ ᠤᠨ ᠪᠠᠶᠢᠯᠳᠤᠭᠴᠢᠳ ᠠᠪᠤᠷᠠᠯᠲᠠ ᠶᠢᠨ ᠤᠷᠤᠰᠬᠠᠯ ᠪᠣᠯᠵᠤ᠂ ᠬᠤᠨᠢ ᠪᠠᠨ ᠲᠦᠷᠭᠡᠨ ᠰᠢᠯᠵᠢᠭᠦᠯᠵᠦ ᠰᠦᠷᠦᠭ ᠢᠶᠠᠨ ᠰᠡᠷᠭᠦᠭᠡᠬᠦ ᠪᠠᠷ ᠪᠣᠯᠵᠠᠶ᠃ 120 ᠮᠢᠨᠦ᠋ᠲ ᠤᠨ ᠪᠠᠴᠢᠮ ᠠᠪᠤᠷᠠᠨ ᠲᠤᠰᠠᠯᠠᠯᠲᠠ ᠪᠠᠷ ᠳᠠᠮᠵᠢᠨ᠂ 2000 ᠭᠠᠴᠢᠭ ᠰᠠᠭᠠᠲᠠᠭᠰᠠᠨ ᠬᠤᠨᠢ ᠶᠢ ᠨᠢᠭᠡᠨᠲᠡ ᠠᠮᠵᠢᠯᠲᠠ ᠲᠠᠢ ᠪᠠᠷ ᠠᠮᠤᠷ ᠲᠦᠪᠰᠢᠨ ᠳᠤᠯᠠᠭᠠᠨ ᠬᠠᠰᠢᠶ᠎ᠠ ᠰᠠᠷᠠᠪᠴᠢ ᠳᠤ ᠰᠢᠯᠵᠢᠭᠦᠯᠦᠨ ᠠᠪᠴᠢᠷᠠᠵᠤ ᠰᠢᠨ᠎ᠡ ᠰᠣᠷᠭᠤᠭ ᠡᠪᠡᠰᠦ ᠢᠳᠡᠭᠦᠯᠪᠡ᠃      ᠲᠡᠮᠤᠷᠲᠠᠢ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠪᠣᠯᠤᠨ ᠪᠠᠯᠭᠠᠰᠤᠨ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠪᠣᠳᠠᠲᠤ ᠠᠵᠢᠯᠯᠠᠭ᠎ᠠ ᠪᠠᠷ ᠢᠶᠠᠨ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠶᠢ ᠲᠠᠶᠢᠯᠪᠤᠷᠢᠯᠠᠪᠠ᠃ ᠣᠳᠣᠬᠠᠨ ᠳᠤ᠂ ᠦᠶᠡᠷ ᠤᠨ ᠪᠠᠶᠢᠳᠠᠯ ᠢ ᠪᠦᠲᠦᠮᠵᠢᠲᠡᠶ ᠠᠷᠢᠯᠭᠠᠵᠤ᠂ ᠲᠡᠮᠦᠷᠲᠡᠢ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠪᠣᠯᠤᠨ᠎ᠠ᠃                                   ᠤᠷᠴᠢᠭᠤᠯᠤᠭᠴᠢ᠄ ᠡᠷᠳᠡᠨᠢᠴᠢᠮᠡᠭ                               ᠬᠢᠨᠠᠭᠴᠢ᠄ ᠰᠤᠷᠤᠨ᠎ᠠ
 
ᠢᠷᠡᠯᠲᠡ᠄ ᠲᠡᠮᠤᠷᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号