ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠬᠦ ᠠᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/22
     8 ᠰᠠᠷ᠎ᠠ ᠶᠢᠨ 21 ᠤ ᠡᠳᠦᠷ᠂ ᠪᠡᠭᠡᠵᠢᠩ ᠬᠤᠳᠠ ᠶᠢᠨ ᠴᠤᠤᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠵᠥᠪᠯᠡᠯ ᠤᠨ ᠱᠦᠵᠢ ᠱᠢ ᠴᠦᠨ ᠭᠠᠩ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠲᠤᠰᠠᠯᠠᠨ ᠪᠠᠶᠢᠴᠠᠭᠠᠨ ᠰᠤᠳᠤᠯᠬᠤ ᠠᠵᠢᠯ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠵᠢᠩ ᠬᠤᠷᠠᠯ ᠳᠤ ᠣᠷᠣᠯᠴᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠶᠠᠨ ᠵᠢᠶᠧ ᠬᠤᠷᠠᠯ ᠢ ᠡᠷᠭᠢᠯᠡᠵᠦ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠰᠦᠨ ᠶᠠᠨ ᠵᠢᠶᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠴᠦᠨ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠪᠠ︔ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠦᠨᠳᠦᠰᠦᠨ ᠪᠠᠶᠢᠳᠠᠯ ᠵᠢᠴᠢ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠵᠢᠯ ᠤᠨ ᠪᠠᠶᠢᠳᠠᠯ ᠢ ᠲᠠᠨᠢᠯᠴᠠᠭᠤᠯᠪᠠ︔ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ ᠵᠢᠴᠢ ᠣᠶᠢᠷ᠎ᠠ ᠶᠢᠨ ᠬᠡᠳᠦᠨ ᠵᠢᠯ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠭᠰᠡᠨ ᠪᠠᠶᠢᠳᠠᠯ ᠢ ᠲᠠᠨᠢᠯᠴᠠᠭᠤᠯᠪᠠ᠃      ᠱᠢ ᠴᠦᠨ ᠭᠠᠩ ᠡᠨᠡ ᠤᠳᠠᠭᠠᠨ ᠤ ᠴᠤᠤᠶᠠᠩ ᠲᠣᠭᠤᠷᠢᠭ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠡᠮ ᠡᠮᠨᠡᠯᠭᠡ ᠶᠢᠨ ᠠᠵᠢᠯ ᠢ ᠳᠡᠮᠵᠢᠭᠰᠡᠨ 5 ᠡᠮᠴᠢ ᠰᠤᠪᠢᠯᠠᠭᠴᠢᠳ ᠲᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠮᠴᠢ ᠰᠤᠪᠢᠯᠠᠭᠴᠢ ᠶᠢᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢ ᠬᠦᠰᠡᠵᠡᠶ᠃ ᠡᠭᠦᠨ ᠤ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠦᠷᠭᠦᠯᠵᠢᠯᠡᠨ ᠶᠠᠪᠤᠭᠳᠠᠵᠤ ᠪᠠᠶᠢᠨ᠎ᠠ᠂ ᠡᠷᠴᠢᠮ ᠨᠢ ᠴᠦ ᠨᠡᠮᠡᠭᠳᠡᠵᠦ ᠪᠠᠶᠢᠨ᠎ᠠ᠂ ᠢᠷᠡᠭᠡᠳᠦᠶ ᠳᠤ ᠪᠠᠰᠠ ᠬᠤᠶᠠᠷ ᠭᠠᠵᠠᠷ ᠤᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠬᠥᠭᠵᠢᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃      ᠯᠢᠦ ᠵᠢᠩ ᠤᠢᠢᠷ᠎ᠠ ᠶᠢᠨ ᠬᠡᠳᠦᠨ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠳᠤᠮᠳᠠᠬᠢ ᠴᠤᠤᠶᠠᠩ ᠲᠣᠭᠤᠷᠢᠭ ᠤᠨ ᠵᠠᠰᠠᠭ ᠤᠨ ᠣᠷᠳᠣᠨ ᠠᠴᠠ ᠤᠯᠠᠭᠠᠨᠴᠠᠪ ᠲᠤ ᠦᠵᠡᠭᠦᠯᠦᠭᠰᠡᠨ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠤᠮᠳᠠᠬᠢ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢ ᠵᠢᠭᠰᠠᠭᠠᠵᠤ᠂ ᠢᠷᠡᠭᠡᠳᠦᠢ ᠶᠢᠨ ᠬᠤᠶᠠᠷ ᠲᠠᠯ᠎ᠠ ᠪᠠᠷ ᠢᠶᠠᠨ ᠬᠠᠮᠲᠤ ᠪᠠᠷ ᠨᠡᠩ ᠤᠯᠠᠨ ᠰᠢᠯᠢᠳᠡᠭ ᠦᠷ᠎ᠡ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠰᠦᠨ ᠶᠠᠨ ᠵᠢᠶᠧ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠰᠠᠭᠤᠭᠠᠯᠢ ᠠᠷᠠᠳ ᠲᠤ ᠨᠠᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠨᠠᠩ ᠰᠠᠶᠢᠲᠤᠷ ᠬᠠᠮᠠᠭᠠᠯᠠᠬᠤ ᠪᠠ ᠪᠠᠲᠤᠯᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃                    ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠨᠠᠷᠭᠢᠯ                    ᠤᠷᠴᠢᠭᠤᠯᠤᠭᠴᠢ᠄ ᠰᠤᠷᠤᠨ᠎ᠠ                    ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号