ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠢᠦᠶ ᠰᠢᠤᠸᠠᠢ ᠶᠢᠨ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠵᠦ ᠦᠨᠳᠦᠰᠦᠨ ᠱᠠᠲᠤ ᠲᠡᠶᠢᠰᠢ ᠥᠷᠭᠡᠳᠬᠡᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 29 ᠤ ᠡᠳᠦᠷ᠂ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠢᠦᠶ ᠰᠢᠤᠸᠠᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠤᠯᠠᠭᠠᠨᠬᠠᠳᠠ ᠰᠤᠮᠤ ᠶᠢᠨ ᠴᠢᠶᠠᠨ ᠶᠢᠨ ᠭᠠᠴᠠᠭᠠᠨ ᠤ ᠠᠷᠠᠳ ᠤᠨ ᠵᠥᠪᠯᠡᠯ ᠳᠤ ᠭᠦᠨᠵᠡᠭᠡᠶᠢᠷᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠡᠷ ᠪᠦᠯᠢ ᠶᠢ ᠲᠣᠭᠤᠷᠢᠨ ᠪᠠᠶᠢᠴᠠᠭᠠᠵᠤ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ᠂ ᠬᠤᠲᠠ ᠶᠢᠨ ᠤᠳᠤᠷᠢᠳᠤᠯᠭ᠎ᠠ ᠶᠠᠩ ᠶᠢᠨ᠂ ᠮᠥ ᠢᠦᠶ ᠳ᠋ᠦᠩ᠂ ᠬᠤᠰᠢᠭᠤᠨ ᠤ ᠤᠳᠤᠷᠢᠳᠤᠯᠭ᠎ᠠ ᠫᠠᠩ ᠵᠥᠩ ᠪᠠᠷ᠎ᠠ ᠪᠣᠯᠪᠠ᠃ ᠤᠯᠠᠭᠠᠨᠬᠠᠳᠠ ᠰᠤᠮᠤ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠴᠢᠶᠠᠨ ᠶᠢᠨ ᠲᠣᠰᠬᠤᠨ ᠤ ᠠᠷᠠᠳ ᠤᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠠᠷᠢᠯᠴᠠᠬᠤ ᠬᠤᠷᠠᠯ ᠳᠤ ᠣᠷᠣᠯᠴᠠᠪᠠ᠃
   ᠰᠢᠨᠵᠢᠯᠡᠨ ᠪᠠᠶᠢᠴᠠᠭᠠᠬᠤ ᠶᠠᠪᠤᠴᠠ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠴᠢᠶᠠᠨ ᠶᠢᠨ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠪᠦᠯᠢ ᠶᠢᠨ ᠬᠠᠷᠢᠯᠴᠠᠬᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠨ ᠰᠣᠯᠢᠯᠴᠠᠬᠤ ᠪᠠᠷ ᠳᠠᠮᠵᠢᠭᠤᠯᠵᠤ᠂ ᠬᠠᠷᠢᠯᠴᠠᠬᠤ ᠠᠵᠢᠯᠯᠠᠭᠠᠨ ᠤ ᠲᠣᠭᠲᠠᠴᠠ ᠵᠢᠴᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠤ ᠵᠥᠪᠯᠡᠯᠭᠡᠨ ᠳᠤ ᠣᠷᠣᠯᠴᠠᠭᠰᠠᠨ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠰᠠ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠬᠦ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠦᠷ᠎ᠡ ᠪᠦᠲᠦᠮᠵᠢ ᠶᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃
   ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠡᠷ ᠪᠣᠯ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠲᠠᠪᠴᠠᠩ ᠮᠥᠨ᠂ ᠪᠠᠰᠠ ᠴᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠴᠢᠬᠤᠯᠠ ᠠᠷᠭ᠎ᠠ ᠵᠠᠮ ᠮᠥᠨ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠳᠤᠮᠳᠠ᠂ ᠲᠡᠭᠦᠨ ᠢ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤ ᠲᠡᠰᠢ ᠤᠷᠲᠤᠳᠬᠠᠬᠤ ᠴᠢᠬᠤᠯᠠ ᠭᠠᠷᠳᠠᠴᠠ ᠪᠣᠯᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠤᠯᠤᠰ ᠲᠥᠷᠦ ᠶᠢᠨ ᠵᠥᠪᠯᠡᠯᠭᠡᠨ ᠤ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ︽ᠬᠤᠤᠰ ᠴᠢᠭᠯᠡᠯᠲᠦ ᠵᠠᠮ︾ ᠢ ᠨᠡᠪᠲᠡᠷᠡᠭᠦᠯᠵᠦ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠠᠪᠠᠭᠤᠯᠢᠭ ᠪᠠ ᠣᠨᠴᠠᠯᠢᠭ ᠢ ᠭᠦᠢᠴᠡᠳ ᠪᠠᠳᠠᠷᠠᠭᠤᠯᠪᠠ᠃
   ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠳᠤ ᠬᠠᠷᠢᠯᠴᠠᠨ ᠰᠤᠷᠤᠯᠴᠠᠬᠤ ᠡᠷᠬᠢᠮ ᠨᠠᠨᠳᠢᠨ ᠠᠵᠠ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠣᠯᠭᠠᠬᠤ ᠲᠠᠪᠴᠠᠩ ᠢ ᠪᠠᠶᠢᠭᠤᠯᠤᠭᠰᠠᠨ ᠪᠠᠶᠢᠨ᠎ᠠ᠃ ᠬᠤᠶᠠᠷ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠪᠦᠷ ᠢᠷᠡᠭᠡᠳᠦᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠳᠤᠮᠳᠠ᠂ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠠᠶᠢᠨ ᠲᠤᠷᠰᠢᠯᠭ᠎ᠠ ᠪᠠᠷ ᠲᠤᠯᠢ ᠪᠣᠯᠭᠠᠵᠤ᠂ ᠰᠠᠶᠢᠨ ᠠᠷᠭ᠎ᠠ ᠬᠢᠳᠡᠯ ᠢ ᠳᠡᠯᠭᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃                                       ᠵᠤᠬᠢᠶᠠᠭᠴᠢ᠄ ᠹᠧᠩ ᠯᠢ ᠶᠤᠸᠠᠨ                                       ᠴᠢᠮᠡᠭᠡᠯᠡᠭᠴᠢ᠄ ᠨᠠᠷᠬᠢᠯ                                       ᠤᠷᠴᠢᠭᠤᠯᠤᠭᠴᠢ᠄ ᠰᠤᠷᠤᠨ᠎ᠠ                                       ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号