ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠶ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠩᠭᠤ ᠠᠳᠬᠤᠬᠤ ᠰᠤᠯᠠᠷᠠᠯ ᠥᠬᠡᠶ ᠪᠠᠶᠢᠳᠠᠯ ᠳᠣᠤᠷ᠎ᠠ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠦᠨᠡᠨᠴᠢ ᠢᠲᠡᠭᠡᠮᠵᠢ ᠶᠢᠨ ᠤᠬᠠᠮᠰᠠᠷ ᠤᠨ ᠠᠭᠤᠷ ᠠᠮᠢᠰᠬᠤᠯ ᠭᠦᠨ ᠵᠤᠵᠠᠭᠠᠨ᠂ | ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠢᠲᠡᠭᠡᠮᠵᠢ ᠶᠢᠨ ᠠᠵᠤ | ᠠᠬᠤᠶ ᠶᠢᠨ ᠬᠥᠭᠵᠢᠯᠲᠡ ᠲᠣᠭᠲᠠᠭᠤᠨ ᠪᠠᠶᠢᠨ᠎ᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠰᠠᠷᠦ ᠢᠳᠡᠭᠡᠨ ᠤ ᠬᠢᠵᠠᠭᠠᠷᠲᠤ ᠺᠣᠮᠫᠠᠨᠢ 2013 | ᠣᠨ ᠤ 8 ᠰᠠᠷ᠎ᠠ ᠳᠤ ᠪᠠᠶᠢᠭᠤᠯᠤᠭᠳᠠᠵᠤ᠂ ︽ᠣᠭ ᠰᠠᠨᠠᠭ᠎ᠠ᠂ ᠤᠷᠠᠨ ᠪᠣᠳᠣᠯ᠂ ᠦᠨᠡᠨᠴᠢ ᠰᠡᠳᠬᠢᠯᠭᠡ︾ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠢᠮᠠᠭᠲᠠ ᠪᠠᠷᠢᠮᠲᠠᠯᠠᠵᠤ᠂ 2018 ᠣᠨ ᠳᠤ ︽ᠳᠤᠮᠳᠠᠳᠤ | ᠤᠯᠤᠰ ᠤᠨ ᠣᠳᠣᠨ ᠲᠠᠰ ᠤᠨ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ︾ ︽ᠤᠯᠠᠭᠠᠨᠴᠠᠪ ᠬᠤᠲᠠ ᠶᠢᠨ | ᠨᠠᠷᠠᠲᠤ ᠲᠥᠷᠥᠯ ᠲᠡᠮᠳᠡᠭᠲᠦ︾ ︽ᠥᠪᠥᠷ ᠮᠣᠩᠭᠤᠯ ᠤᠨ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ︾ ᠪᠠᠷ | ᠦᠨᠡᠯᠡᠭᠳᠡᠵᠦ᠂ 2024 ᠣᠨ ᠳᠤ ︽ᠪᠥᠬᠦ ᠤᠯᠤᠰ ᠤᠨ AAA ᠲᠠᠰ ᠤᠨ ᠦᠨᠡᠨᠴᠢ ᠢᠲᠡᠭᠡᠮᠵᠢᠲᠡᠶ ᠠᠵᠤ | ᠠᠬᠤᠶᠢᠯᠠᠯ︾ ᠢᠶᠠᠷ ᠦᠨᠡᠯᠡᠭᠳᠡᠪᠡ᠃ | ᠺᠣᠮᠫᠠᠨᠢ ᠶᠢᠨ ᠬᠠᠤᠯᠢ ᠶᠢᠨ ᠬᠥᠮᠦᠨ ᠡᠦ ᠵᠧᠨ ᠽᠦᠸᠧ ᠪᠣᠯ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠵᠢᠷᠭᠤᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ︵ | ᠬᠠᠲᠠᠭᠠᠭᠰᠠᠨ ᠦᠬᠡᠷ ᠤᠨ ᠮᠢᠬ᠎ᠠ ᠦᠢᠯᠡᠳᠬᠦ ᠤᠷ᠎ᠠ ᠮᠡᠷᠭᠡᠵᠢᠯ︶ ᠤᠨ ᠬᠤᠰᠢᠭᠤᠨ ᠲᠠᠰ ᠤᠨ ᠤᠯᠠᠮᠵᠢᠯᠠᠭᠴᠢ | ᠪᠣᠯᠤᠨ᠎ᠠ᠃ | | ᠦᠨᠡᠨᠴᠢ ᠪᠠᠷ ᠦᠨᠳᠦᠰᠦ ᠪᠤᠯᠭᠠᠵᠤ᠂ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠶᠢ | ᠲᠠᠶᠢᠴᠢᠯᠠᠵᠠᠢ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠰᠤᠷᠤ ᠢᠳᠡᠭᠡᠨ ᠤ ᠬᠢᠵᠠᠭᠠᠷᠲᠤ ᠺᠣᠮᠫᠠᠨᠢ ᠭᠤᠣᠯᠳᠠᠭᠤ | ᠬᠠᠲᠠᠭᠠᠭᠰᠠᠨ ᠦᠬᠡᠷ ᠤᠨ ᠮᠢᠬ᠎ᠠ᠂ ᠦᠬᠡᠷ ᠤᠨ ᠰᠢᠷᠪᠦᠰᠦ ᠵᠢᠴᠢ ᠪᠤᠰᠤᠳ ᠮᠢᠬᠠᠨ ᠤ ᠪᠦᠲᠦᠭᠡᠭᠳᠡᠬᠦᠨ ᠡᠵᠡᠩᠨᠡᠬᠦ | ᠪᠣᠯᠵᠠᠢ᠃ ᠡᠦ ᠵᠧᠨ ᠽᠦᠸᠧ ᠲᠠᠢ ᠶᠠᠷᠢᠯᠴᠠᠬᠤ ᠳᠤᠮᠳᠠ᠂ ᠰᠤᠷᠪᠤᠯᠵᠢᠯᠠᠭᠴᠢ ᠦ᠋ ᠵᠧᠨ ᠪᠣᠯᠤᠨ ᠦᠬᠡᠷ ᠤᠨ ᠮᠢᠬᠠᠨ | ᠤ ᠪᠣᠷᠴᠠ ᠲᠠᠢ ᠡᠬᠢ ᠰᠤᠷᠪᠤᠯᠵᠢ ᠨᠢ ᠮᠠᠰᠢ ᠭᠦᠨ ᠭᠦᠨᠵᠡᠬᠡᠢ ᠪᠠᠶᠢᠬᠤ ᠶᠢ ᠣᠶᠢᠯᠠᠭᠠᠵᠠᠢ᠂ ᠠᠪᠦ ᠨᠢ ᠦᠬᠡᠷ ᠤᠨ | ᠪᠣᠷᠴᠠ ᠵᠣᠬᠢᠶᠠᠭᠴᠢ ᠪᠣᠯᠬᠤᠷ ᠬᠠᠷᠠᠬᠠᠨ ᠪᠠᠭ᠎ᠠ ᠠᠴᠠ ᠪᠠᠨ ᠦᠬᠡᠷ ᠤᠨ ᠮᠢᠬᠠᠨ ᠤ ᠪᠣᠷᠴᠠ ᠲᠠᠢ ᠬᠠᠷᠢᠯᠴᠠᠵᠤ᠂ ᠠᠵᠢᠯ | ᠮᠡᠷᠭᠡᠵᠢᠯ ᠤᠨ ᠬᠥᠭᠵᠢᠯᠲᠡ ᠶᠢᠨ ᠵᠠᠮ ᠳᠡᠭᠡᠷ᠎ᠡ ᠦᠬᠡᠷ ᠤᠨ ᠮᠢᠬᠠᠨ ᠤ ᠪᠣᠷᠴᠠ ᠨᠢ ᠲᠡᠭᠦᠨ ᠳᠤ ᠰᠢᠨ᠎ᠡ ᠵᠠᠮ | ᠨᠡᠭᠡᠭᠡᠵᠦ ᠥᠭᠴᠡᠢ᠂ ᠬᠠᠮᠤᠭ ᠠᠩᠬᠠᠨ ᠤ ᠭᠡᠷ ᠪᠦᠯᠢ ᠶᠢᠨ ᠦᠢᠯᠡᠳᠬᠡᠯ ᠨᠢ ᠪᠠᠭ᠎ᠠ ᠰᠠᠭ᠎ᠠ ᠨᠡᠷ᠎ᠡ ᠲᠠᠢ ᠪᠠᠶᠢᠪᠠ᠃ | ᠥᠪᠡᠷ ᠢᠶᠠᠨ ᠪᠠᠶᠠᠵᠢᠭᠰᠠᠨ ᠮᠥᠷᠲᠡᠭᠡᠨ ᠥᠪᠡᠷ ᠤᠨ ᠲᠣᠰᠬᠤᠨ ᠢᠶᠠᠨ ᠳᠡᠮᠵᠢᠬᠦ ᠪᠠᠨ ᠮᠠᠷᠲᠠᠵᠤ ᠪᠣᠯᠬᠤ ᠦᠭᠡᠢ᠂ | 2018 ᠣᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠰᠠᠷᠦ ᠢᠳᠡᠭᠡᠨ ᠤ ᠬᠢᠵᠠᠭᠠᠷᠲᠤ ᠺᠣᠮᠫᠠᠨᠢ | ᠵᠢᠩᠬᠢᠨᠢ ᠪᠠᠷ ᠪᠠᠶᠢᠭᠤᠯᠤᠭᠳᠠᠭᠰᠠᠨ ᠪᠥᠭᠡᠳ ᠪᠠᠶᠠᠨᠴᠠᠭᠠᠨ ᠪᠠᠯᠭᠠᠰᠤᠨ ᠤ ᠵᠠᠰᠠᠭ ᠤᠨ ᠣᠷᠳᠣᠨ ᠤ ᠳᠡᠮᠵᠢᠯᠭᠡ | ᠵᠣᠬᠢᠴᠠᠭᠤᠯᠭ᠎ᠠ ᠶᠢᠨ ᠳᠣᠣᠷ᠎ᠠ᠂ ᠯᠦ ᠵᠢᠶᠠ ᠼᠦᠨ ᠲᠣᠰᠬᠤᠨ ᠤ ᠠᠷᠠᠳ ᠤᠨ ᠵᠥᠪᠯᠡᠯ ᠵᠢᠴᠢ ᠰᠠᠨ ᠢ ᠲᠣᠰᠬᠤᠨ ᠤ | ᠠᠷᠠᠳ ᠤᠨ ᠵᠥᠪᠯᠡᠯ ᠲᠠᠢ ᠬᠠᠮᠲᠤᠷᠠᠨ ᠲᠣᠰᠬᠤᠨ ᠤ ᠬᠠᠮᠲᠤ ᠶᠢᠨ ᠠᠵᠤ ᠠᠬᠤᠢ ᠶᠢ ᠪᠦᠷᠢᠯᠳᠦᠭᠦᠯᠪᠡ᠃ ᠬᠤᠶᠠᠷ | ᠲᠣᠰᠬᠤᠨ ᠤ ᠠᠷᠠᠳ ᠤᠨ ᠵᠥᠪᠯᠡᠯ ᠤᠨ 124 ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠶᠢᠲᠡ 20 | ᠭᠠᠷᠤᠶ ᠲᠦᠮᠡᠨ ᠲᠥᠭᠦᠷᠢᠭ ᠨᠡᠮᠡᠭᠳᠡᠭᠦᠯᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠰᠤᠷᠤ | ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠬᠡᠩᠬᠢ ᠬᠡᠰᠡᠭ ᠨᠢ ᠴᠥᠮ ᠪᠠᠯᠭᠠᠰᠤ ᠵᠢᠴᠢ ᠡᠷᠬᠢᠨ ᠲᠣᠭᠤᠷᠢᠨ ᠤ | ᠲᠣᠰᠬᠤᠨ ᠤ ᠪᠠᠭᠤᠷᠠᠶ ᠬᠥᠮᠦᠰ ᠪᠣᠯᠤᠨ᠎ᠠ᠂ ᠡᠨᠡ ᠨᠢ ᠲᠣᠰᠬᠤᠨ ᠤ ᠠᠷᠠᠳ ᠢ ᠳᠠᠬᠢᠨ ᠨᠤᠲᠤᠭ ᠠᠴᠠ ᠪᠠᠨ ᠵᠠᠶᠢᠯᠠᠬᠤ | ᠦᠭᠡᠢ ᠪᠠᠷ ᠪᠠᠷᠠᠬᠤ ᠦᠭᠡᠢ᠂ ᠭᠠᠳᠠᠭᠰᠢ ᠭᠠᠷᠴᠤ ᠠᠮᠢᠳᠤᠷᠠᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ | ᠠᠷᠠᠳ ᠤᠨ ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠭᠰᠠᠨ ᠪᠠᠶᠢᠨ᠎ᠠ᠃ | | ᠦᠨᠡᠨᠴᠢ ᠢᠲᠡᠭᠡᠮᠵᠢ ᠨᠢ ᠰᠠᠭᠤᠷᠢ ᠪᠤᠯᠭᠠᠵᠤ᠂ ᠠᠰᠡᠷ ᠤᠨ ᠬᠠᠳᠠᠭᠠᠭᠰᠠᠨ ᠪᠣᠷᠴᠠ ᠪᠦᠬᠦ ᠣᠯᠣᠰ ᠤᠨ ᠡᠯ᠎ᠡ | ᠭᠠᠵᠠᠷ ᠤᠨ ᠬᠡᠷᠡᠭᠯᠡᠭᠴᠢᠳ ᠤᠨ ᠲᠠᠭᠠᠰᠢᠶᠠᠯ ᠢ ᠤᠯᠤᠭᠰᠠᠨ ᠪᠠᠶᠢᠨ᠎ᠠ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠰᠠᠷᠦ ᠢᠳᠡᠭᠡᠨ ᠤ ᠬᠢᠵᠠᠭᠠᠷᠲᠤ ᠺᠣᠮᠫᠠᠨᠢ ᠶᠢᠨ | ᠪᠣᠯᠪᠠᠰᠤᠷᠠᠭᠤᠯᠬᠤ ᠲᠠᠰᠤᠭ ᠲᠤ ᠣᠷᠣᠬᠤ ᠳᠤ᠂ ᠦᠬᠡᠷ ᠤᠨ ᠮᠢᠬᠠᠨ ᠤ ᠦᠨᠦᠷ ᠬᠠᠩᠬᠤᠯᠵᠤ᠂ ᠰᠢᠷᠪᠦᠰᠦ ᠠᠷᠢᠯᠭᠠᠬᠤ | ᠪᠦᠷᠬᠦᠪᠴᠢ᠂ ᠬᠡᠷᠴᠢᠬᠦ᠂ ᠵᠦᠰᠦᠬᠦ᠂ ᠥᠩᠬᠦᠷᠢᠭᠦᠯᠬᠦ᠂ ᠰᠠᠯᠬᠢᠨ ᠳᠤ ᠬᠠᠲᠠᠭᠠᠬᠤ ᠠᠵᠢᠯ ᠤᠨ ᠳᠡᠰ ᠳᠠᠷᠠᠭᠠᠯᠠᠯ ᠨᠢ | ᠴᠥᠮ ᠡᠮᠬᠢ ᠵᠠᠮᠪᠠᠷᠠᠭ᠎ᠠ ᠲᠠᠢ᠂ ᠠᠵᠢᠯᠲᠠᠨ ᠤ ᠪᠣᠯᠪᠠᠰᠤᠷᠠᠩᠭᠤᠶ ᠠᠵᠢᠯᠯᠠᠭ᠎ᠠ ᠳᠣᠤᠷ᠎ᠠ᠂ ᠪᠣᠭᠤᠭᠰᠠᠨ ᠦᠬᠡᠷ ᠤᠨ | ᠪᠣᠷᠴᠠ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠪᠣᠯᠤᠨ᠎ᠠ᠃ ᠣᠶᠢᠯᠠᠭᠠᠭᠰᠠᠨ ᠢᠶᠠᠷ᠂ ᠠᠰᠠᠷᠦ | ᠢᠳᠡᠭᠡᠨ ᠤ ᠬᠢᠵᠠᠭᠠᠷᠲᠤ ᠺᠣᠮᠫᠠᠨᠢ ᠥᠪᠴᠢ ᠬᠠᠲᠠᠭᠠᠭᠰᠠᠨ ᠦᠬᠡᠷ ᠤᠨ ᠮᠢᠬ᠎ᠠ᠂ ᠵᠢᠶᠠᠩᠯᠠᠭᠰᠠᠨ ᠮᠢᠬ᠎ᠠ ᠵᠢᠴᠢ | ᠦᠬᠡᠷ ᠤᠨ ᠳᠠᠭᠠᠯᠲᠠ ᠪᠦᠲᠦᠭᠡᠭᠳᠡᠬᠦᠨ ᠦᠢᠯᠡᠳᠪᠦᠷᠢᠯᠡᠬᠦ ᠲᠥᠬᠦᠭᠡᠷᠦᠮᠵᠢ ᠲᠠᠢ ᠪᠠᠶᠢᠵᠤ᠂ ᠦᠢᠯᠡᠳᠪᠦᠷᠢ ᠶᠢᠨ | ᠲᠠᠰᠤᠭ ᠠᠴᠠ ᠡᠳᠦᠷ ᠲᠤ 2000 ᠺᠢᠯᠣᠭ᠍ᠷᠠᠮ ᠰᠢᠨ᠎ᠡ ᠰᠣᠷᠭᠤᠭ ᠦᠬᠡᠷ ᠤᠨ ᠮᠢᠬ᠎ᠠ ᠦᠢᠯᠡᠳᠪᠦᠷᠢᠯᠡᠵᠦ᠂ | ᠦᠢᠯᠡᠳᠪᠦᠷᠢ ᠶᠢᠨ ᠲᠠᠰᠤᠭ ᠤᠨ ᠡᠷᠡᠭᠦᠯ ᠬᠠᠮᠠᠭᠠᠯᠠᠯ ᠤᠨ ᠡᠵᠡᠮᠳᠡᠯ ᠵᠢᠴᠢ ᠭᠠᠷ ᠤᠷᠠᠯᠠᠯ ᠤᠨ ᠶᠠᠪᠤᠴᠠ ᠨᠢ | ᠤᠯᠤᠰ ᠤᠨ ᠪᠠᠷᠢᠮᠵᠢᠶ᠎ᠠ ᠳᠤ ᠨᠡᠶᠢᠴᠡᠵᠦ᠂ ᠬᠡᠷᠡᠭᠯᠡᠭᠴᠢᠳ ᠲᠤ ᠬᠢᠷᠢ ᠲᠡᠩᠴᠡᠭᠰᠡᠨ ᠰᠠᠨᠠᠭ᠎ᠠ ᠠᠮᠤᠷ ᠦᠢᠯᠡᠳᠬᠦᠨ | ᠬᠠᠩᠭᠠᠭᠰᠠᠨ ᠪᠠᠶᠢᠨ᠎ᠠ᠃ | | ︽ᠦᠨᠡᠨᠴᠢ ᠢᠲᠡᠭᠡᠮᠵᠢ ᠪᠣᠯ ᠨᠢᠭᠡ ᠠᠵᠤ ᠠᠬᠤᠶᠢᠯᠠᠯ ᠤᠨ ᠠᠮᠢ ᠨᠠᠰᠤᠨ ᠤ ᠦᠨᠳᠦᠰᠦ ᠮᠥᠨ᠂ ᠠᠵᠤ | ᠠᠬᠤᠶᠢᠯᠠᠯ ᠨᠢ ᠦᠨᠡᠨᠴᠢ ᠢᠲᠡᠭᠡᠮᠵᠢ ᠦᠭᠡᠢ ᠪᠣᠯ ᠬᠥᠭᠵᠢᠬᠦ ᠶᠢᠨ ᠠᠷᠭ᠎ᠠ ᠦᠭᠡᠢ ᠶᠤᠮ᠃ ᠤᠯᠠᠨ ᠵᠢᠯ ᠤᠨ ᠲᠤᠷᠰᠢ᠂ | ᠮᠠᠨ ᠤ ᠺᠣᠮᠫᠠᠨᠢ ᠢᠮᠠᠭᠲᠠ ᠦᠨᠡᠨᠴᠢ ᠢᠲᠡᠭᠡᠮᠵᠢ ᠪᠠᠷ ᠭᠤᠣᠯ ᠪᠣᠯᠭᠠᠵᠤ᠂ ᠦᠢᠯᠡᠳᠬᠦᠨ ᠤ ᠶᠠᠰᠤ ᠴᠢᠨᠠᠷ ᠢ | ᠬᠠᠮᠢᠶᠠᠷᠬᠤ ᠦᠭᠡᠢ᠂ ᠡᠰᠡᠬᠦᠯ᠎ᠡ ᠰᠦᠯᠵᠢᠶ᠎ᠡ ᠪᠠᠷ ᠪᠣᠷᠣᠯᠠᠭᠤᠯᠬᠤ ᠴᠤ ᠲᠡᠷᠡ᠂ ᠪᠢᠳᠡ ᠴᠥᠮ ᠪᠣᠭᠤᠮᠲᠠ ᠶᠢ ᠴᠢᠩᠭ᠎ᠠ | ᠰᠠᠬᠢᠵᠤ᠂ ᠬᠡᠷᠡᠭᠯᠡᠭᠴᠢᠳ ᠢ ᠰᠠᠨᠠᠭ᠎ᠠ ᠠᠮᠤᠷ ᠪᠠᠶᠢᠯᠭᠠᠬᠤ ᠪᠣᠯ ᠬᠤᠷᠢᠭ᠎ᠠ ᠱᠤᠭᠤᠮ ᠮᠥᠨ᠃ ᠮᠠᠨ ᠤ ᠺᠣᠮᠫᠠᠨᠢ ᠴᠢᠨᠠᠷ | ᠮᠠᠭᠤ ᠦᠢᠯᠡᠳᠬᠦᠨ ᠢ ᠡᠷᠡᠰ ᠬᠤᠷᠢᠭᠯᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠠᠤᠯᠢ ᠶᠢ ᠰᠠᠬᠢᠵᠤ ᠡᠵᠡᠩᠨᠡᠵᠦ᠂ | ᠦᠨᠡᠨᠴᠢ ᠢᠲᠡᠭᠡᠮᠵᠢᠲᠡᠢ ᠭᠠᠶᠢᠯᠢ ᠲᠤᠰᠢᠶᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠰᠣᠶᠣᠯ ᠢ ᠪᠤᠢ | ᠪᠣᠯᠭᠠᠵᠤ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠪᠣᠯᠤᠨ᠎ᠠ︾ ᠭᠡᠵᠦ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠰᠠᠷᠦ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠦ᠋ ᠵᠧᠨ ᠽᠦᠸᠧ ᠦᠭᠡ | ᠶᠠᠷᠢᠶ᠎ᠠ ᠲᠠᠯᠪᠢᠵᠤ ᠪᠠᠶᠢᠪᠠ᠃ | | ᠣᠶᠢᠯᠠᠭᠠᠭᠰᠠᠨ ᠢᠶᠠᠷ᠂ ᠰᠢᠭᠤᠳ ᠡᠵᠡᠩᠨᠡᠬᠦ ᠳᠡᠯᠭᠡᠭᠦᠷ ᠨᠢᠭᠡᠪᠦᠷᠢ ᠶᠢᠨ ᠢᠯᠡ ᠭᠠᠵᠠᠷ ᠲᠤ ᠴᠥᠮ ︽ᠥᠪᠥᠷ | ᠮᠣᠩᠭᠤᠯ ᠤᠨ ᠮᠢᠨ ᠶᠢᠦ ᠣᠨᠴᠠ ᠭᠠᠷᠤᠯᠲᠠ ᠶᠢ ᠴᠤᠤᠷᠢᠶᠠᠲᠤᠨ ᠳᠠᠭᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ | ︿ᠴᠡᠭᠡᠷᠯᠡᠬᠦ ᠪᠢᠴᠢᠭ﹀︾ ᠨᠠᠭᠠᠵᠤ᠂ ᠠᠰᠠᠷᠦ ᠢᠳᠡᠭᠡᠨ ᠤ ᠬᠢᠵᠠᠭᠠᠷᠲᠤ ᠺᠣᠮᠫᠠᠨᠢ ᠦᠨᠡᠨᠴᠢ ᠢᠲᠡᠭᠡᠮᠵᠢᠲᠡᠶ ᠪᠠᠷ | ᠡᠵᠡᠩᠨᠡᠬᠦ ᠪᠠᠷ ᠣᠨᠣᠯᠵᠢᠬᠤᠨ ᠪᠣᠯᠭᠠᠵᠤ᠂ ᠭᠠᠷᠮᠠᠭᠠᠶ ᠶᠠᠰᠤ ᠴᠢᠨᠠᠷ ᠢ ᠴᠥᠬᠦᠷᠡᠰᠢ ᠥᠬᠡᠶ ᠬᠥᠭᠡᠭᠡᠴᠡᠯᠳᠦᠵᠦ᠂ | ᠠᠰᠤᠷᠤ ᠰᠠᠶᠢᠨ ᠨᠠᠷᠠᠲᠤ ᠲᠡᠮᠳᠡᠭᠲᠦ ᠶᠢ ᠪᠦᠲᠦᠭᠡᠵᠦ᠂ ᠥᠷᠭᠡᠨ ᠣᠯᠠᠨ ᠬᠡᠷᠡᠭᠯᠡᠭᠴᠢᠳ ᠤᠨ ᠲᠠᠭᠠᠰᠢᠶᠠᠯ ᠢ | ᠣᠯᠤᠭᠰᠠᠨ ᠪᠠᠶᠢᠨ᠎ᠠ᠃ | | | | | ᠵᠣᠬᠢᠶᠠᠭᠴᠢ᠄ ᠰᠦᠨ ᠯᠢ ᠨᠠ | ᠴᠢᠮᠡᠭᠡᠯᠡᠭᠴᠢ᠄ ᠸᠠᠩ ᠱᠤ᠋ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |