9 ᠰᠠᠷ᠎ᠠ ᠶᠢᠨ 13 ᠤ ᠡᠳᠦᠷ᠂ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ | ᠲᠡᠷᠢᠬᠦᠯᠡᠭᠴᠢ ᠢᠦᠢ ᠴᠧᠩ ᠬᠦᠸᠧ ᠪᠠᠶᠢᠴᠠᠭᠠᠨ ᠰᠤᠳᠤᠯᠬᠤ ᠲᠤᠭᠤᠢᠢᠯᠠᠩ ᠢ ᠲᠠᠭᠠᠭᠤᠯᠤᠨ ᠴᠠᠬᠠᠷ ᠪᠠᠷᠠᠭᠤᠨ | ᠭᠠᠷᠤᠨ ᠬᠤᠶᠢᠳᠤ ᠬᠤᠰᠢᠭᠤᠨ ᠳᠤ ᠬᠦᠷᠴᠦ ᠮᠠᠯ ᠲᠠᠷᠢᠶᠠᠯᠠᠩ ᠤᠨ ᠦᠢᠯᠡᠰ ᠤᠨ ᠬᠦᠭᠵᠢᠯᠳᠡ ᠶᠢᠨ ᠪᠠᠶᠢᠳᠠᠯ ᠳᠤ | ᠪᠠᠶᠢᠴᠠᠭᠠᠨ ᠰᠤᠳᠤᠯᠤᠯᠳᠠ ᠬᠢᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠹᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠬᠤ ᠲᠥᠪ ᠲᠤ ᠰᠢᠨ᠎ᠡ ᠶᠢ ᠡᠭᠦᠳᠴᠦ᠂ | ᠲᠤᠰ ᠲᠥᠪ ᠤᠨ ᠦᠨᠳᠦᠰᠦᠨ ᠪᠠᠶᠢᠳᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠠᠬᠢ ᠴᠢᠬᠤᠯᠠ | ᠦᠢᠯᠡᠳᠦᠯ ᠢ ᠭᠦᠨᠵᠡᠭᠡᠢ ᠣᠶᠢᠯᠠᠭᠠᠪᠠ᠃ ᠲᠤᠰ ᠲᠥᠪ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠱᠧᠩ ᠵᠢᠶ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠬᠤᠷᠰᠢᠶ᠎ᠠ ᠠᠴᠠ ᠪᠠᠯᠠ ᠣᠷᠣᠭᠤᠯᠤᠨ | ᠪᠦᠲᠦᠭᠡᠨ ᠪᠠᠶᠢᠭᠤᠯᠵᠤ᠂ ᠭᠤᠤᠯᠳᠠᠭᠤ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠬᠤ᠂ ᠪᠣᠷᠣᠯᠠᠭᠤᠯᠬᠤ᠂ | ᠬᠥᠮᠥᠷᠭᠡᠯᠡᠨ ᠬᠠᠳᠠᠭᠠᠯᠠᠬᠤ ᠵᠡᠷᠭᠡ ᠲᠤᠬᠠᠶᠢᠯᠠᠭᠰᠠᠨ ᠠᠵᠢᠯ ᠢ ᠬᠢᠭᠰᠡᠨ ᠪᠥᠭᠡᠳ ᠨᠡᠯᠢᠶᠡᠳ ᠪᠣᠯᠪᠠᠰᠤᠷᠠᠩᠭᠤᠶ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠯᠳᠦᠭᠦᠯᠵᠦ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ | ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰ ᠲᠥᠪ ᠤᠨ | ᠬᠡᠷᠡᠭᠵᠢᠭᠦᠯᠵᠦ ᠪᠠᠶᠢᠭ᠎ᠠ ᠣᠯᠠᠨ ᠵᠦᠢᠯ ᠤᠨ ᠠᠰᠢᠭ ᠲᠤᠰᠠ ᠶᠢᠨ ᠬᠤᠯᠪᠣᠭᠠᠨ ᠤ ᠵᠠᠭᠪᠤᠷ ᠢ ᠨᠠᠷᠢᠨ ᠣᠶᠢᠯᠠᠭᠠᠪᠠ᠃ | ᠡᠲᠡᠭᠡᠷ ᠵᠠᠭᠪᠤᠷ ᠢᠶᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ | ᠲᠣᠭᠲᠠᠭᠤᠨ ᠢᠶᠠᠷ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠢᠶᠠᠷ ᠠᠬᠢᠭᠤᠯᠬᠤ ᠶᠢ ᠪᠦᠲᠦᠮᠵᠢᠲᠡᠶ ᠠᠬᠢᠭᠤᠯᠪᠠ᠃ | ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠨᠢ ᠬᠤᠶᠠᠷ ᠲᠠᠯ᠎ᠠ ᠪᠠᠷ ᠢᠶᠠᠨ | ᠬᠠᠷᠢᠯᠴᠠᠨ ᠰᠤᠷᠤᠯᠴᠠᠬᠤ ᠡᠷᠬᠢᠮ ᠨᠠᠨᠳᠢᠨ ᠠᠵᠠ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ ᠪᠠᠰᠠ | ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠳᠤ ᠰᠠᠭᠤᠷᠢ ᠲᠠᠯᠪᠢᠵᠤ ᠥᠭᠴᠡᠢ᠃ ᠬᠤᠶᠢᠰᠢᠳᠠ᠂ | ᠦᠷᠭᠦᠯᠵᠢᠯᠡᠨ ᠨᠡᠪᠲᠡᠷᠡᠯᠴᠡᠭᠡ ᠪᠠ ᠰᠣᠯᠢᠯᠴᠠᠭ᠎ᠠ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠬᠠᠮᠲᠤ ᠪᠠᠷ ᠠᠬᠢᠭᠤᠯᠤᠨ᠎ᠠ ᠭᠡᠪᠡ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |