ᠳ᠋ᠠ ᠯᠢᠦ ᠬᠤᠤ ᠪᠠᠯᠭᠠᠰᠤᠨ ᠤ ᠬᠤᠰᠢᠭᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 29 ᠤ ᠡᠳᠦᠷ᠂ ᠳ᠋ᠠ ᠯᠢᠦ ᠬᠤᠤ ᠪᠠᠯᠭᠠᠰᠤ ᠬᠤᠰᠢᠭᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠬᠤ ᠶᠢ ᠬᠥᠲᠥᠯᠥᠨ ᠵᠢᠯᠣᠭᠤᠳᠴᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ︽ᠤᠬᠠᠭᠤᠯᠬᠤ ᠠᠩᠭᠢ︾᠂ ᠥᠭᠡᠷᠡᠴᠢᠯᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ︽ᠳᠠᠭᠠᠭᠤᠯᠤᠭᠴᠢ︾ ᠪᠣᠯᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ ᠪᠠᠳᠠᠷᠠᠭᠤᠯᠵᠤ ᠡᠷᠦᠬᠡ ᠪᠣᠯᠭᠠᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠭᠦᠨᠵᠡᠭᠡᠶ ᠲᠣᠳᠣᠷᠬᠠᠶᠢᠯᠠᠨ ᠥᠭᠦᠯᠡᠵᠦ᠂ ᠲᠠᠷᠠᠭᠠᠴᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠡᠷᠬᠢᠨ ᠨᠠᠩ ᠰᠠᠶᠢᠲᠤᠷ ᠥᠷᠨᠢᠭᠦᠯᠬᠦ ᠳᠤ ᠪᠣᠳᠠᠲᠠᠶ ᠲᠣᠬᠢᠷᠠᠭᠤᠯᠤᠯᠲᠠ ᠬᠢᠪᠠ᠃
     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠥᠭᠡᠷᠡᠴᠢᠯᠡᠯᠲᠡ ᠨᠡᠬᠡᠬᠡᠯᠳᠡ ᠶᠢᠨ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠶᠢᠨ ᠲᠣᠭᠤᠷᠢᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠨᠡ ᠬᠦ ᠵᠠᠩᠭᠢᠯᠠᠭ᠎ᠠ ᠶᠢ ᠪᠠᠲᠤ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠨᠡ ᠬᠦ ᠴᠢᠬᠤᠯᠠ ᠶᠡᠭᠡ ᠵᠠᠷᠴᠢᠮ ᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠰᠤᠷᠤᠯᠴᠠᠨ ᠲᠤᠭᠤᠰᠢᠯᠠᠭᠤᠯᠬᠤ ᠪᠠᠷ ᠳᠠᠮᠵᠢᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠢᠱᠢᠶᠡᠴᠢ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠤᠯᠴᠠᠨ ᠤᠬᠠᠭᠤᠯᠤᠨ ᠲᠠᠶᠢᠯᠪᠤᠷᠢᠯᠠᠬᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠠᠳᠬᠤᠵᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠣᠯᠤᠨ ᠲᠥᠯᠥᠭᠡᠯᠡᠭᠴᠢ ᠶᠢᠨ ᠪᠡᠶ᠎ᠡ ᠶᠢᠨ ᠭᠠᠷᠤᠯ ᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠪᠠᠯᠭᠠᠰᠤ ᠪᠠᠷ ᠢᠶᠠᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠬᠤ ᠶᠢ ᠠᠬᠢᠭᠤᠯᠬᠤ ᠬᠡᠷᠡᠭᠲᠡᠢ᠃       ᠬᠤᠷᠠᠯ ᠬᠤᠷᠠᠯᠳᠤᠭᠰᠠᠨ ᠤ ᠲᠠᠷᠠᠭ᠎ᠠ᠂ ᠤᠯᠠᠨ ᠢᠶᠠᠷ ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦᠳᠠ ᠬᠤᠷᠠᠯ ᠠᠴᠠ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠳ᠋ᠠ ᠯᠢᠦ ᠬᠤᠣ ᠪᠠᠯᠭᠠᠰᠤᠨ ᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃                 ᠵᠣᠬᠢᠶᠠᠭᠴᠢ᠄ ᠡᠬᠡ ᠪᠢᠴᠢᠭ ᠬᠠᠩᠭᠠᠭᠴᠢ᠄ ᠯᠢᠦ ᠭᠦᠸᠧ ᠸᠠᠩ                 ᠤᠷᠴᠢᠭᠤᠯᠤᠭᠴᠢ᠄ ᠡᠷᠳᠡᠨᠢᠴᠢᠮᠡᠭ                 ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号