9 ᠰᠠᠷ᠎ᠠ ᠶᠢᠨ 22 ᠤᠨ ᠡᠳᠦᠷ᠂ ᠤᠯᠠᠭᠠᠨᠴᠠᠪ ᠤᠨ ᠤᠯᠠᠭᠠᠨᠬᠠᠳᠠ ᠭᠠᠯᠲᠤ ᠠᠭᠤᠯᠠ ᠤᠷᠢᠳ ᠡᠮᠦᠨ᠎ᠡ | ᠪᠠᠶᠢᠭ᠎ᠠ ᠦᠭᠡᠢ ᠣᠯᠠᠨ ᠤᠯᠤᠰ ᠤᠨ ᠵᠢᠭᠤᠯᠴᠢᠯᠠᠯ ᠤᠨ ᠪᠦᠯᠬᠦᠮ ᠢ ᠤᠭᠲᠤᠨ ᠠᠪᠤᠯ᠎ᠠ᠂ ᠲᠣᠰ ᠪᠦᠯᠬᠦᠮ ᠤᠨ | ᠳᠤᠮᠳᠠᠳᠤ ᠭᠠᠳᠠᠭᠠᠳᠤ ᠶᠢᠨ ᠵᠣᠴᠢᠳ ᠤᠨ ᠲᠤᠭ᠎ᠠ 2024 ᠣᠨ ᠠᠴᠠ ᠨᠠᠰᠢᠬᠢ ᠬᠠᠮᠤᠭ ᠤᠨ ᠶᠡᠭᠡ ᠬᠡᠮᠵᠢᠶ᠎ᠡ | ᠪᠣᠯᠤᠨ᠎ᠠ᠃ ᠦᠳᠡ ᠶᠢᠨ ᠡᠮᠦᠨᠡᠬᠢ 9 ᠴᠠᠭ ᠲᠤ ᠂ ᠵᠤᠭᠠᠴᠠᠭᠴᠢᠳ ᠡᠮᠦᠨ᠎ᠠ ᠵᠢᠭᠤᠯᠴᠢᠯᠠᠭᠴᠢᠳ ᠤᠨ ᠲᠥᠪ ᠠᠴᠠ | ᠮᠣᠷᠳᠠᠵᠤ ᠂ ᠤᠯᠠᠭᠠᠨᠬᠠᠳᠠ ᠶᠢᠨ ᠭᠠᠯᠲᠤ ᠠᠭᠤᠯᠠᠨ ᠳᠠᠬᠢ ᠶᠡᠷᠦ ᠪᠤᠰᠤ ᠶᠢᠨ ᠠᠶᠠᠯᠠᠯ ᠢᠶᠠᠨ ᠡᠬᠢᠯᠡᠭᠦᠯᠪᠡ᠃ ᠲᠣᠰ | ᠤᠳᠠᠭᠠᠨ ᠤ ᠵᠢᠭᠤᠯᠴᠢᠯᠠᠯ ᠤᠨ ᠪᠦᠯᠬᠦᠮ ᠨᠡᠶᠢᠲᠡ 100 ᠭᠠᠷᠤᠶ ᠬᠥᠮᠦᠨ ᠪᠣᠶ᠂ ᠡᠭᠦᠨ ᠳᠤ ᠭᠠᠳᠠᠭᠠᠳᠤ ᠶᠢᠨ | ᠵᠣᠴᠢᠨ 84 ᠬᠥᠮᠦᠨ᠂ ᠲᠣᠰ ᠲᠣᠰ 14 ᠤᠯᠤᠰ ᠠᠴᠠ ᠢᠷᠡᠭᠰᠡᠨ ᠪᠠᠶᠢᠨ᠎ᠠ᠃ | | ᠤᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠣᠨᠴᠠᠭᠠᠢ ᠭᠠᠯᠲᠤ ᠠᠭᠤᠯᠠ ᠶᠢᠨ | ᠡᠬᠢ ᠪᠠᠶᠠᠯᠢᠭ ᠢᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠳᠡᠯᠡᠬᠡᠢ ᠶᠢᠨ | ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠤᠯᠠᠭᠠᠨᠬᠠᠳᠠ ᠶᠢᠨ ᠭᠠᠯᠲᠤ ᠠᠭᠤᠯᠠ ᠨᠢ | ᠪᠥᠬᠦ ᠣᠷᠣᠨ ᠤ ᠠᠷᠪᠠᠨ ᠶᠡᠭᠡ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠬᠠᠯᠠᠭᠤᠨ ᠦᠵᠡᠮᠵᠢ ᠶᠢᠨ | ᠣᠷᠣᠨ ᠳᠤ ᠵᠢᠭᠰᠠᠭᠠᠭᠳᠠᠭᠰᠠᠨ ᠢᠶᠠᠷ ᠪᠠᠷᠠᠬᠤ ᠥᠬᠡᠶ᠂ ᠪᠠᠰᠠ ︽ᠪᠥᠬᠦ ᠤᠯᠤᠰ ᠤᠨ ᠣᠳᠣᠨ ᠲᠠᠰ ᠤᠨ ᠠᠮᠢ | ᠠᠬᠤᠶ ᠶᠢᠨ ᠡᠷᠡᠭᠦᠯᠵᠢᠯ ᠤᠨ ᠰᠠᠭᠤᠷᠢᠨ ᠭᠠᠵᠠᠷ︾ ᠢ ᠭᠥᠷᠳᠡᠪᠡ᠃ 2024 ᠣᠨ ᠤ 1 - 8 ᠰᠠᠷ᠎ᠠ ᠳᠤ᠂ | ᠵᠤᠭᠠᠴᠠᠭᠰᠠᠳ ᠢ ᠬᠦᠯᠢᠶᠡᠨ ᠠᠪᠤᠭᠰᠠᠨ ᠬᠥᠮᠦᠨ ᠤᠳᠠᠭ᠎ᠠ 366 ᠲᠦᠮᠡ ᠳᠤ ᠬᠦᠷᠴᠦ᠂ ᠠᠷᠠᠳ ᠤᠨ ᠣᠷᠣᠨ | ᠰᠠᠭᠤᠴᠠ ᠶᠢᠨ ᠠᠵᠤ ᠤᠶᠢᠯᠡᠰ 143 ᠪᠣᠯᠵᠣ᠂ ᠡᠭᠦᠨ ᠳᠤ ᠬᠥᠬᠡ ᠲᠠᠰ ᠤᠨ 1᠂ ᠤᠯᠠᠭᠠᠨ ᠲᠠᠰ ᠤᠨ 11 | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠠᠷᠠᠳ ᠤᠨ ᠣᠷᠣᠨ ᠰᠠᠭᠤᠴᠠ ᠶᠢᠨ ᠠᠵᠤ | ᠤᠶᠢᠯᠡᠰ ᠤᠨ ᠰᠦᠷᠦᠭᠵᠢᠯ ᠪᠣᠯᠪᠠ᠃ ᠰᠣᠶᠣᠯ ᠵᠢᠭᠤᠯᠴᠢᠯᠠᠯ ᠤᠨ ᠠᠵᠤ ᠤᠶᠢᠯᠡᠰ ᠨᠢ 21 ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 200 ᠭᠠᠷᠤᠶ ᠲᠦᠮᠡᠨ ᠲᠥᠭᠦᠷᠢᠭ ᠨᠡᠮᠡᠭᠳᠡᠭᠦᠯᠵᠦ᠂ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠲᠤ 5000 ᠭᠠᠷᠤᠶ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ 3000 | ᠭᠠᠷᠤᠶ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢ 1. | 5 ᠲᠦᠮᠡᠨ ᠲᠥᠭᠦᠷᠢᠭ ᠨᠡᠮᠡᠭᠳᠡᠭᠦᠯᠬᠦ ᠶᠢᠨ ᠬᠠᠮᠲᠤ ᠵᠢᠵᠢᠭᠯᠡᠨ ᠬᠤᠳᠠᠯᠳᠤᠬᠤ ᠢᠳᠡᠭᠡᠨ ᠤᠮᠳᠠᠭᠠᠨ ᠤ ᠬᠤᠨᠤᠭ ᠤᠨ | ᠡᠵᠡᠩᠨᠡᠯᠲᠡ ᠶᠢᠨ ᠬᠡᠮᠵᠢᠶ᠎ᠡ ᠶᠢ 18% ᠪᠠᠷ ᠨᠡᠮᠡᠭᠳᠡᠭᠦᠯᠬᠦ ᠶᠢ ᠠᠬᠢᠭᠤᠯᠪᠠ᠃ ᠵᠢᠭᠤᠯᠴᠢᠯᠠᠯ ᠤᠨ ᠦᠢᠯᠡᠰ ᠨᠢ | ᠬᠡᠷᠡᠭᠯᠡᠭᠡ ᠶᠢ ᠳᠠᠶᠢᠴᠢᠯᠠᠬᠤ᠂ ᠠᠵᠤ ᠠᠬᠤᠢ ᠶᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠦᠵᠡᠭᠦᠯᠬᠦ ᠬᠥᠳᠡᠯᠭᠡᠭᠦᠷ ᠤᠨ ᠦᠢᠯᠡᠳᠦᠯ ᠨᠢ ᠡᠳᠦᠷ ᠢᠷᠡᠬᠦᠶ᠎ᠡ ᠢᠯᠡᠷᠬᠡᠢ ᠪᠣᠯᠪᠠ᠃ | | | ︽ᠪᠢ Mopeli Khama᠂ ᠡᠮᠦᠨᠡᠲᠦ ᠠᠹᠷᠢᠺᠠ ᠶᠢᠨ Mintech ᠤᠨ ᠠᠵᠢᠯᠯᠠᠵᠤ ᠪᠠᠶᠢᠨ᠎ᠠ᠂ | ᠲᠡᠶᠢᠮᠤ᠂ ᠤᠯᠠᠭᠠᠨᠬᠠᠳᠠ ᠶᠢᠨ ᠭᠠᠯᠲᠤ ᠠᠭᠤᠯᠠ ︵ᠠᠳᠡ︶ ᠪᠣᠯ ᠭᠤᠶᠣ ᠰᠠᠶᠢᠬᠠᠨ ᠭᠠᠵᠠᠷ ᠶᠤᠮ᠂ ᠲᠣᠩ ᠭᠤᠶᠣ᠃ | ᠡᠨᠡ ᠪᠣᠯ ᠨᠢᠭᠡᠨ ᠲᠣᠭᠤᠷᠢᠨ ᠦᠵᠡᠬᠦ ᠴᠢᠬᠤᠯᠠ ᠲᠠᠢ ᠭᠠᠵᠠᠷ ᠮᠥᠨ᠂ ᠶᠠᠭᠤᠨ ᠤ ᠤᠷᠢᠳ ᠠᠳᠡᠬᠢ ᠶᠢᠨ ᠬᠥᠮᠥᠨ | ᠮᠠᠰᠢ ᠰᠠᠶᠢᠨ᠂ ᠪᠢ ᠣᠯᠠᠨ ᠢ ᠠᠳᠡ ᠢᠷᠡᠵᠦ ᠲᠣᠭᠤᠷᠢᠨ ᠦᠵᠡᠭᠦᠯᠬᠦ ᠶᠢ ᠵᠣᠷᠢᠭᠵᠢᠭᠤᠯᠪᠠ᠃ ᠲᠠᠨ ᠤ ᠪᠤᠢ ᠪᠥᠬᠦᠢ | ᠬᠥᠮᠥᠨ ᠳᠤ ᠲᠠᠯᠠᠷᠬᠠᠵᠤ ᠪᠠᠶᠢᠨ᠎ᠠ᠂ ᠲᠠ ᠨᠠᠷ ᠤᠨ ᠬᠠᠯᠠᠭᠤᠨ ᠰᠡᠳᠬᠢᠯ ᠴᠢᠨᠢ ᠪᠠᠶᠠᠷᠯᠠᠵᠤ ᠪᠠᠶᠢᠨ᠎ᠠ︾ ᠭᠡᠪᠡ᠃ | ᠡᠮᠦᠨᠡᠲᠦ ᠠᠹᠷᠢᠺᠠ ᠶᠢᠨ ᠵᠤᠭᠠᠴᠠᠭᠰᠠᠳ Mopeli Khama᠃ | ᠤᠯᠠᠭᠠᠨᠴᠠᠪ ᠤᠯᠠᠭᠠᠨᠬᠠᠳᠠ ᠶᠢᠨ ᠭᠠᠯᠲᠤ ᠠᠭᠤᠯᠠᠨ ᠳᠤ᠂ ᠵᠤᠭᠠᠴᠠᠭᠰᠠᠳ ᠰᠦᠷᠯᠢᠭ ᠰᠠᠶᠢᠬᠠᠨ ᠭᠠᠯᠲᠤ | ᠠᠭᠤᠯᠠ ᠶᠢᠨ ᠭᠠᠵᠠᠷ ᠤᠨ ᠭᠠᠳᠠᠷᠭᠤ᠂ ᠥᠪᠡᠷᠮᠢᠴᠡ ᠪᠠᠶᠢᠭᠠᠯᠢ ᠶᠢᠨ ᠦᠵᠡᠮᠵᠢ ᠶᠢ ᠣᠶᠢᠯᠠᠭᠠᠵᠤ ᠴᠢᠳᠠᠬᠤ ᠪᠠᠷ | ᠪᠠᠷᠠᠬᠤ ᠦᠭᠡᠢ᠂ ᠨᠡᠩ ᠴᠤ ᠡᠯᠪᠡᠭ ᠪᠠᠶᠠᠯᠢᠭ ᠰᠣᠶᠣᠯ ᠤᠨ ᠠᠭᠤᠯᠬᠤᠨ ᠢ ᠣᠶᠢᠯᠠᠭᠠᠵᠤ ᠴᠢᠳᠠᠨ᠎ᠠ᠃ ᠲᠣᠰ | ᠤᠳᠠᠭᠠᠨ ᠤ ᠵᠢᠭᠤᠯᠴᠢᠯᠠᠯ ᠨᠢ ᠨᠢᠭᠡ ᠤᠳᠠᠭᠠᠨ ᠤ ᠲᠣᠭᠤᠷᠢᠨ ᠦᠵᠡᠬᠦ ᠠᠶᠠᠯᠠᠯ ᠪᠣᠯᠬᠤ ᠪᠠᠷ ᠪᠠᠷᠠᠬᠤ ᠥᠬᠡᠶ᠂ ᠨᠠᠩ | ᠴᠤ ᠨᠢᠭᠡ ᠤᠳᠠᠭᠠᠨ ᠤ ᠰᠣᠶᠣᠯ ᠤᠨ ᠰᠣᠯᠢᠯᠴᠠᠭ᠎ᠠ ᠪᠠ ᠮᠥᠷᠭᠦᠯᠳᠦᠭᠰᠡᠨ ᠦᠪᠡᠳᠡᠭᠰᠢ ᠴᠤᠭᠯᠠᠭᠠᠨ ᠪᠣᠯᠤᠨ᠎ᠠ᠃ | | ︽ ᠮᠠᠰᠢ ᠰᠣᠨᠢᠷᠬᠠᠯᠲᠠᠢ ᠦᠵᠡᠮᠵᠢ᠂ ᠭᠠᠶᠢᠬᠠᠮᠰᠢᠭᠳᠤ ᠪᠠᠶᠢᠭᠠᠯᠢ ᠶᠢᠨ ᠦᠵᠡᠮᠵᠢ᠂ ᠭᠠᠯᠲᠤ ᠠᠭᠤᠯᠠ ᠶᠢᠨ | ᠡᠷᠭᠢᠨ ᠲᠣᠭᠤᠷᠢᠨ ᠳᠤ ᠠᠯᠬᠤᠬᠤ ᠳ᠋ᠥᠠᠳᠠᠯᠢ ᠪᠤᠰᠤ ᠭᠠᠵᠠᠷ ᠰᠢᠨᠵᠢᠯᠡᠭᠡᠨ ᠤ ᠪᠠᠶᠢᠳᠠᠯ ᠢ ᠣᠯᠵᠤ ᠦᠵᠡᠬᠦ ᠨᠢ | ᠮᠠᠰᠢ ᠰᠣᠨᠢᠷᠬᠠᠯᠲᠠᠢ ᠪᠠᠶᠢᠨ᠎ᠠ᠂ ᠪᠢ ᠡᠮᠦᠨᠡᠲᠦ ᠠᠹᠷᠢᠺᠠ ᠠᠴᠠ ᠢᠷᠡᠵᠡᠢ᠂ ᠪᠢᠳᠡᠨ ᠳᠤ ᠡᠶᠢᠮᠤ ᠭᠠᠯᠲᠤ ᠠᠭᠤᠯᠠ | ᠪᠠᠶᠢᠬᠤ ᠦᠭᠡᠢ᠂ ᠡᠶᠢᠮᠤ ᠠᠴᠠ ᠡᠨᠡ ᠨᠢ ᠨᠠᠳᠠ ᠳᠤ ᠠᠪᠴᠤ ᠬᠡᠯᠡᠪᠡᠯ ᠨᠢᠭᠡ ᠤᠳᠠᠭᠠᠨ ᠤ ᠲᠤᠶᠢᠯ ᠤᠨ ᠣᠨᠴᠠᠭᠠᠢ | ᠥᠩᠭᠡᠷᠡᠯᠲᠡ ᠪᠣᠯᠤᠨ᠎ᠠ᠃ ᠠᠳᠡᠬᠢ ᠬᠦᠮᠦᠰ ᠤᠯᠠᠭᠠᠨᠬᠠᠳᠠ ᠭᠠᠯᠲᠤ ᠠᠭᠤᠯᠠᠨ ᠳᠤ ᠢᠷᠡᠬᠦ ᠶᠢ ᠪᠠᠶᠠᠷᠯᠠᠨ | ᠤᠭᠳᠤᠭᠰᠠᠨ᠂ ᠲᠣᠩ ᠰᠣᠨᠢᠷᠬᠠᠯᠲᠠᠢ᠂ ᠪᠠᠶᠠᠷᠯᠠᠯ᠎ᠠ︕︾ ᠬᠡᠵᠤ ᠡᠮᠦᠨᠡᠲᠦ ᠠᠹᠷᠢᠺᠠ ᠶᠢᠨ ᠵᠢᠭᠤᠯᠴᠢᠨ Robert | Cromarty ᠬᠡᠯᠡᠪᠡ᠃ | | ᠭᠠᠯᠲᠤ ᠠᠭᠤᠯᠠ ᠶᠢᠨ ᠵᠢᠭᠤᠯᠴᠢᠯᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠤᠯᠠᠭᠠᠨᠴᠠᠪ ᠶᠢᠨ | ᠤᠯᠠᠭᠠᠨᠬᠠᠳᠠ ᠭᠠᠯᠲᠤ ᠠᠭᠤᠯᠠ ᠨᠢ ᠶᠠᠭ ᠥᠪᠡᠷᠮᠢᠴᠡ ᠲᠠᠲᠠᠬᠤ ᠬᠦᠴᠦᠨ ᠢᠶᠠᠷ ᠳᠡᠯᠡᠬᠡᠢ ᠳ᠋ᠠᠬᠢᠨ ᠳᠤ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠵᠠᠭᠠᠷ ᠦᠭᠡᠢ ᠥᠩᠭᠡ ᠦᠵᠡᠮᠵᠢ ᠪᠠ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠥᠷᠨᠢᠨ ᠬᠥᠭᠵᠢᠬᠦ ᠶᠢ ᠬᠠᠷᠠᠭᠤᠯᠵᠤ ᠪᠠᠶᠢᠨ᠎ᠠ᠃ | | | | ᠵᠣᠬᠢᠶᠠᠭᠴᠢ᠄ ᠭᠧ ᠷᠠᠨ | ᠴᠢᠮᠡᠭᠡᠯᠡᠭᠴᠢ᠄ ᠸᠠᠩ ᠱᠤ᠋ ᠸᠧᠨ᠂ ᠯᠢ ᠲᠢᠩ ᠸᠧᠶ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |