ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/26
    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠳᠦᠪᠰᠢᠨ ᠤ ᠬᠡᠮ ᠰᠤᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ 9 ᠰᠠᠷ᠎ᠠ ᠶᠢᠨ 24 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ᠂ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠣᠯᠳᠠ ᠶᠢᠨ ᠲᠣᠪᠴᠢᠶ᠎ᠠ ᠵᠢᠴᠢ ᠡᠯ᠎ᠡ ᠨᠡᠶᠢᠭᠡᠮ ᠲᠣᠭᠤᠷᠢᠭ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠰᠥᠨᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ᠃
   ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠳ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠳᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤ ᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠠᠮᠢᠶᠠᠷᠴᠤ ᠬᠡᠷᠡᠭᠯᠡᠬᠦ ᠨᠢᠭᠡᠴᠡ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠰᠠᠭᠤᠭᠠᠯᠢ ᠠᠷᠠᠳ ᠣᠯᠠᠨ ᠲᠦᠮᠡᠨ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠪᠠ᠃ ᠲᠤᠬᠠᠶ ᠶᠢᠨ ᠲᠠᠯᠠᠪᠤᠷ ᠲᠤ ᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠱᠠᠭᠠᠷᠳᠠᠯᠭ᠎ᠠ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤ ᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠪᠣᠯ ᠵᠦᠶ ᠵᠣᠬᠢᠰᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠥᠭᠬᠦ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠬᠡᠷᠡᠭᠲᠡᠶ᠃
   ︽ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠳᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠴᠠᠬᠢᠯᠭᠠᠨ ᠬᠥᠳᠡᠯᠭᠡᠭᠦᠷᠲᠦ ᠲᠡᠷᠭᠡᠨ ᠤ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠦᠷᠢᠶᠡᠨ ᠳᠠᠬᠢ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ︾ ᠭᠡᠵᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠨᠢᠭᠡᠨ ᠲᠤᠰᠬᠠᠶ ᠮᠡᠷᠭᠡᠵᠢᠯ ᠢ ᠠᠵᠢᠯᠲᠠᠨ ᠭᠡᠵᠦ ᠬᠡᠯᠡᠪᠡ᠃
   ᠲᠣᠰ ᠤᠳᠠᠭᠠᠨ ᠤ ᠬᠠᠮᠲᠤᠷᠠᠭᠰᠠᠨ ᠰᠦᠨᠢ ᠶᠢᠨ ᠪᠠᠶᠢᠴᠠᠭᠠᠯᠳᠠ ᠶᠢᠨ ᠠᠵᠢᠯᠯᠠᠭ᠎ᠠ ᠪᠠᠷ ᠳᠡᠮᠵᠢᠨ᠂ ᠭᠠᠯ ᠤᠨ ᠭᠠᠮᠰᠢᠭ ᠤᠨ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠤᠭᠤᠷᠢᠨ ᠢ ᠴᠡᠪᠡᠷᠰᠢᠭᠦᠯᠵᠦ᠂ ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                          ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠪᠤᠯᠠᠭ                                      ᠤᠷᠴᠢᠭᠤᠯᠤᠭᠴᠢ᠄ ᠡᠷᠳᠡᠨᠢᠴᠢᠮᠡᠭ                                      ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号