ᠼᠦᠢ ᠶᠦᠩ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠡᠢ
ᠨᠡᠶᠢᠲᠡᠯᠡᠭᠰᠡᠨ ᠴᠠᠭ᠄
2024/9/26
   9 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠠᠶ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠲᠤᠬᠠᠢ ᠶᠢᠨ ᠲᠠᠯᠠᠪᠠᠢ ᠳᠤ ᠲᠤᠰᠬᠠᠭᠰᠠᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠼᠦᠢ ᠶᠦᠩ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠰᠡᠳᠬᠢᠯ ᠳᠡᠯᠪᠢᠨ ᠬᠠᠷᠢᠭᠤᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
   ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠼᠦᠢ ᠶᠦᠩ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠤᠴᠢᠷ ᠶᠠᠪᠤᠳᠠᠯ ᠤᠨ ᠤᠴᠢᠷ ᠰᠢᠯᠲᠠᠭᠠᠨ ᠢ ᠨᠠᠷᠢᠨ ᠣᠶᠢᠯᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠵᠠᠳᠠᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠲᠥᠰᠦᠯ ᠢ ᠰᠤᠳᠤᠯᠵᠠᠢ᠃ ᠼᠦᠢ ᠶᠦᠩ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠪᠠᠲᠤ ᠰᠠᠬᠢᠵᠤ᠂ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠰᠡᠳᠬᠢᠯ ᠢᠶᠠᠨ ᠮᠡᠳᠡᠯᠴᠡᠵᠦ᠂ ᠪᠠᠶᠢᠷᠢ ᠪᠠᠨ ᠰᠣᠯᠢᠵᠤ ᠰᠡᠳᠬᠢᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠵᠤ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠬᠤ ᠶᠢ ᠪᠡᠶᠡᠯᠡᠭᠦᠯᠬᠦ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠯᠢᠦ ᠸᠧᠨ ᠾᠦᠢ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃                                        ᠵᠣᠬᠢᠶᠠᠭᠴᠢ᠄ ᠴᠢ ᠷᠦᠢ ᠶᠢᠨ᠂ ᠸᠠᠩ ᡁᠢ ᠸᠧᠨ                                        ᠤᠷᠴᠢᠭᠤᠯᠤᠭᠴᠢ᠄ ᠰᠤᠷᠤᠨ᠎ᠠ                                        ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号