8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠳᠤ ᠬᠦᠷᠴᠦ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠵᠤᠷᠭᠠᠨ ᠤ ᠳᠡᠳ᠋ ᠳᠠᠷᠤᠭ᠎ᠠ ᠰᠢᠤᠢ ᠰᠢᠶᠤᠤ ᠵᠧᠩ ᠨᠠᠷ ᠲᠠᠢ ᠶᠠᠷᠢᠯᠴᠠᠨ ᠰᠣᠯᠢᠯᠴᠠᠵᠤ᠂ ᠲᠥᠪ ᠤᠨ | ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠲᠠᠢ ᠵᠣᠯᠭᠠᠭᠤᠯᠪᠠ᠃ | ᠼᠦᠢ ᠶᠦᠩ ᠡᠩ ᠲᠡᠷᠢᠭᠦᠨ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠶᠢᠨ ᠣᠷᠳᠣ ᠬᠤᠭᠤᠴᠠᠭᠠᠨ ᠤ ᠲᠤᠷᠰᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠥᠬᠦ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ | ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠲᠡᠷᠡ᠂ ᠲᠦᠪ ᠤᠨ ᠪᠠᠶᠢᠭᠤᠯᠭ᠎ᠠ | ᠨᠢᠭᠡᠴᠡ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤ ᠲᠠᠢ ᠬᠦᠨ ᠵᠤᠵᠠᠭᠠᠨ ᠨᠦᠬᠦᠷᠯᠡᠯ ᠪᠠᠶᠢᠭᠤᠯᠵᠤ᠂ ᠠᠵᠤ ᠦᠢᠯᠡᠰ ᠤᠨ ᠬᠦᠭᠵᠢᠯᠳᠡ᠂ ᠠᠷᠠᠯᠵᠢᠶᠠᠴᠢᠨ | ᠤᠷᠢᠵᠦ ᠪᠡᠯᠡ ᠲᠠᠳᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠴᠢᠳᠠᠪᠤᠷᠢᠳᠠᠨ ᠢ ᠬᠦᠮᠦᠵᠢᠬᠦᠯᠬᠦ᠂ | ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ ᠪᠦᠬᠦ | ᠬᠦᠴᠦᠨ ᠢᠶᠠᠷ ᠲᠡᠮᠵᠢᠵᠦ᠂ ᠬᠠᠪᠰᠤᠷᠤᠨ ᠲᠡᠳᠬᠦᠬᠦ ᠦᠷ᠎ᠡ ᠪᠦᠳᠦᠮᠵᠢ ᠮᠠᠰᠢ ᠢᠯᠡᠷᠭᠡᠢ ᠪᠤᠯᠵᠠᠢ᠃ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠮᠥᠩᠭᠦᠨ | ᠭᠦᠢᠯᠭᠡᠭᠡᠨ ᠢᠶᠠᠷ ᠲᠡᠳᠬᠦᠬᠦ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠺᠠᠳ᠋ᠷ ᠤᠨ ᠰᠣᠯᠢᠯᠴᠠᠭ᠎ᠠ ᠪᠣᠯᠪᠠᠰᠤᠷᠠᠯ ᠵᠡᠷᠭᠡ ᠲᠠᠯ᠎ᠠ ᠪᠠᠷ | ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠰᠢᠤᠢ ᠰᠢᠶᠤᠤ ᠵᠧᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠤᠨ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠬᠦ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠴᠡᠭ ᠲᠣᠭᠲᠠᠭᠠᠨ ᠬᠠᠪᠰᠤᠷᠤᠨ ᠲᠡᠳᠬᠦᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ | ᠬᠠᠪᠰᠤᠷᠤᠨ ᠲᠡᠳᠬᠦᠬᠦ ᠠᠵᠢᠯ ᠤᠨ ᠡᠭᠦᠷᠭᠡ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ | ᠨᠠᠶᠢᠳᠠᠪᠤᠷᠢᠵᠢᠭᠤᠯᠵᠤ᠂ ᠥᠪᠡᠷ ᠤᠨ ᠴᠢᠳᠠᠯ ᠢᠶᠠᠷ ᠢᠶᠠᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠦᠷᠭᠡ ᠬᠤᠯᠪᠣᠭᠠᠰᠤ | ᠪᠤᠯᠵᠤ᠂ ᠬᠠᠮᠲᠤᠪᠠᠷ ᠬᠠᠷᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ ᠭᠡᠵᠦ ᠢᠯᠡᠳᠬᠡᠪᠡ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |