8 ᠰᠠᠷ᠎ᠠ ᠶᠢᠨ 26 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠼᠦᠢ ᠶᠦᠩ ᠪᠡᠭᠡᠵᠢᠩ ᠪᠣᠯᠤᠨ ᠱᠠᠨᠳᠦ᠋ᠩ ᠵᠡᠷᠭᠡ ᠮᠤᠵᠢ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠢ ᠥᠷᠨᠢᠭᠦᠯᠵᠦ᠂ ᠣᠯᠠᠨ ᠬᠦᠷᠢᠶᠡᠨ ᠳᠠᠬᠢ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ | ᠶᠠᠪᠤᠳᠠᠯ ᠢ ᠵᠥᠪᠳᠡᠯᠴᠡᠪᠡ᠃ | ᠪᠡᠭᠡᠵᠢᠩ ᠬᠤᠲᠠ ᠳᠤ ᠪᠡᠭᠡᠵᠢᠩ ᠤᠨ ᠰᠢᠨ᠎ᠡ ᠭᠦᠰᠡᠯ ᠡᠷᠡᠮᠡᠯᠵᠡᠯ ᠼᠤᠤ ᠭᠧᠨ ᠽᠢ ᠪᠧᠨ ᠪᠦᠯᠦᠭᠯᠡᠯ ᠤᠨ | ᠬᠢᠵᠠᠭᠠᠷᠲᠤ ᠺᠣᠮᠫᠠᠨᠢ ᠪᠣᠯᠤᠨ ᠪᠡᠭᠡᠵᠢᠩ ᠤᠨ ᠮᠢᠩ ᠳ᠋ᠦᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠺᠣᠮᠫᠠᠨᠢ ᠶᠢᠨ ᠲᠣᠰ | ᠲᠣᠰ ᠤᠨ ᠬᠦᠷᠢᠶᠡᠨ ᠳᠠᠬᠢ ᠳᠠᠪᠠᠭᠤᠯᠢᠭ ᠢ ᠨᠠᠷᠢᠨ ᠣᠶᠢᠯᠠᠭᠠᠵᠤ᠂ ᠣᠶᠤᠨᠴᠢ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠬᠠᠮᠢᠶᠠᠷᠤᠯᠲᠠ ᠪᠣᠯᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ | ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ | ᠱᠠᠨᠳᠦ᠋ᠩ ᠮᠤᠵᠢ ᠶᠢᠨ ᠴᠢᠩᠳᠤᠤ ᠬᠤᠲᠠ ᠳᠤ ᠵᠥᠩ ᠵᠢᠶᠠ ᠤᠶᠤᠨᠲᠤ ᠲᠠᠷᠢᠶᠠᠯᠠᠩ ᠤᠨ ᠬᠢᠵᠠᠭᠠᠷᠲᠤ ᠺᠣᠮᠫᠠᠨᠢ᠂ | ᠵᠥᠩ ᠰᠢᠨ ᠬᠠᠶ ᠰᠢᠭᠤᠳ ᠬᠡᠷᠡᠭᠯᠡᠭᠡᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ᠂ ᠶᠢᠨ ᠳ᠋ᠦᠩ | ᠲᠣᠭᠠᠴᠢᠯᠠᠭᠰᠠᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ᠂ ᠴᠢᠩᠳᠣᠤ ᠶᠢᠨ ᠵᠧᠩ ᠠᠩ ᠪᠣᠷᠲᠣᠭᠤᠷ ᠤᠨ | ᠦᠢᠯᠡᠰ ᠤᠨ ᠬᠢᠵᠠᠭᠠᠷᠲᠤ ᠺᠣᠮᠫᠠᠨᠢ᠂ ᠨᠢᠰᠬᠡᠯ ᠤᠨ ᠬᠡᠷ ᠪᠦᠯᠢ ᠯᠤᠤ ᠱᠠᠨ ᠤ ᠨᠢᠰᠦᠯᠲᠡ ᠶᠢᠨ ᠰᠠᠭᠤᠷᠢᠨ ᠭᠠᠵᠠᠷ | ᠵᠡᠷᠭᠡ 5 ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ | ᠦᠢᠯᠡᠰ ᠤᠨ ᠳᠠᠪᠠᠭᠤᠯᠢᠭ ᠢ ᠤᠬᠠᠭᠤᠯᠤᠨ ᠲᠠᠨᠢᠯᠴᠠᠭᠤᠯᠵᠤ᠂ ᠳᠣᠤᠷ᠎ᠠ ᠠᠭᠠᠷ ᠤᠨ ᠠᠵᠤ ᠠᠬᠤᠶ ᠶᠢᠨ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ᠂ ᠦᠵᠡᠮᠵᠢ ᠶᠢᠨ ᠣᠷᠣᠨ ᠤ ᠵᠢᠪᠦᠭᠰᠡᠨ ᠬᠡᠯᠪᠡᠷᠢ ᠪᠠᠷ ᠳᠡᠯᠭᠡᠷᠡᠭᠦᠯᠬᠦ ᠵᠡᠷᠭᠡ ᠰᠣᠶᠣᠯ | ᠵᠢᠭᠤᠯᠴᠢᠯᠠᠯ ᠤᠨ ᠲᠥᠷᠥᠯ ᠵᠦᠢᠯ ᠵᠢᠴᠢ ᠤᠶᠤᠨᠲᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ᠂ | ᠮᠢᠺᠷᠣᠪ ᠤᠨ ᠪᠣᠷᠲᠣᠭᠤᠷ ᠢ ᠰᠤᠳᠤᠯᠤᠨ ᠨᠡᠭᠡᠭᠡᠬᠦ ᠵᠡᠷᠭᠡ ᠲᠠᠷᠢᠶᠠᠯᠠᠩ ᠤᠨ ᠲᠥᠷᠥᠯ ᠵᠦᠢᠯ ᠤᠨ ᠲᠤᠬᠠᠶ ᠭᠦᠨᠵᠡᠭᠡᠶ | ᠰᠤᠳᠤᠯᠤᠨ ᠶᠠᠷᠢᠯᠴᠠᠵᠤ᠂ ᠲᠥᠷᠥᠯ ᠵᠦᠢᠯ ᠤᠨ ᠬᠠᠮᠲᠤᠷᠠᠯᠴᠠᠭᠠᠨ ᠤ ᠵᠦᠢᠯᠡᠰ ᠢ ᠵᠦᠪᠳᠡᠪᠡ᠃ | ᠼᠦᠢ ᠶᠦᠩ ᠤᠷᠢᠳ ᠬᠤᠵᠢᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠳᠠᠯ ᠵᠢᠴᠢ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠡᠳᠬᠢᠮᠵᠢ ᠠᠷᠭ᠎ᠠ ᠬᠡᠮᠵᠢᠶ᠎ᠡ ᠪᠣᠯᠤᠨ ᠬᠥᠭᠵᠢᠯᠲᠡ ᠶᠢᠨ | ᠬᠡᠲᠦ ᠶᠢᠨ ᠲᠥᠯᠥᠪ ᠢ ᠨᠠᠷᠢᠨ ᠲᠠᠨᠢᠯᠴᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠯᠠ | ᠣᠷᠣᠭᠤᠯᠤᠯᠲᠠ ᠶᠢᠨ ᠣᠷᠴᠢᠨ ᠲᠣᠭᠤᠷᠢᠨ ᠢ ᠲᠠᠨᠢᠯᠴᠠᠭᠤᠯᠪᠠ᠃ ᠼᠦᠢ ᠶᠦᠩ ᠢᠯᠡᠷᠬᠡᠶᠢᠯᠡᠬᠦ ᠳᠡᠭᠡᠨ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠲᠠᠰᠤᠷᠠᠯᠲᠠ ᠦᠭᠡᠢ ᠲᠦᠷᠭᠡᠳᠴᠦ᠂ ᠣᠷᠣᠨ ᠨᠤᠲᠤᠭ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ᠂ ᠡᠯ᠎ᠡ ᠠᠵᠤ | ᠠᠬᠤᠶᠢᠯᠠᠯᠲᠠᠨ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠤᠷᠢᠵᠤ ᠲᠣᠭᠤᠷᠢᠨ ᠦᠵᠡᠵᠦ ᠰᠢᠨᠵᠢᠯᠡᠨ | ᠪᠠᠶᠢᠴᠠᠭᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠰᠠᠭᠤᠭᠳᠠᠯ ᠢᠶᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠪᠣᠯᠤᠨ ᠥᠨᠳᠥᠷ ᠬᠢᠷᠢ ᠲᠦᠪᠰᠢᠨ ᠪᠦᠬᠦᠢ ᠬᠤᠷᠰᠢᠯᠴᠠᠭ᠎ᠠ ᠶᠢ ᠦᠷᠭᠦᠯᠵᠢᠯᠡᠨ | ᠭᠦᠨᠵᠡᠭᠡᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠥᠭᠵᠢᠯᠲᠡ ᠶᠢ ᠬᠠᠮᠲᠤ ᠪᠠᠷ ᠠᠰᠢᠭ | ᠬᠦᠷᠲᠡᠬᠦ ᠶᠢ ᠪᠡᠶᠡᠯᠡᠭᠦᠯᠦᠨ᠎ᠡ ᠭᠡᠪᠡ᠃ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠵᠤ ᠦᠢᠯᠡᠰ ᠤᠨ ᠳᠠᠪᠠᠭᠤᠯᠢᠭ ᠢᠯᠡᠷᠬᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ᠂ | ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠂ ᠠᠵᠤ ᠠᠬᠤᠶᠢᠯᠠᠯ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠨ ᠠᠵᠢᠯᠯᠠᠬᠤ ᠵᠥᠪᠳᠡᠯᠴᠡᠭᠡᠨ ᠤ ᠶᠠᠪᠤᠳᠠᠯ ᠤᠨ | ᠲᠣᠭᠤᠷᠢᠨ ᠳᠤ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠯᠠ | ᠣᠷᠣᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ | ᠥᠷᠭᠡᠳᠬᠡᠵᠦ᠂ ᠬᠠᠮᠲᠤᠷᠠᠯᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ ᠭᠡᠵᠡᠶ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |