ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠳᠡᠭᠡᠨ ᠪᠣᠯᠪᠠᠰᠤᠨ ᠬᠥᠮᠦᠨ ᠪᠣᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/9/3
   ᠨᠠᠮᠤᠷ ᠤᠨ ᠰᠠᠯᠬᠢᠨ ᠤ ᠬᠦᠷᠲᠡᠭᠡᠬᠦ ᠶᠢ ᠳᠠᠭᠠᠯᠳᠤᠨ᠂ ᠰᠤᠷᠭᠠᠭᠤᠯᠢ ᠡᠬᠢᠯᠡᠬᠦ ᠤᠯᠠᠷᠢᠯ ᠳᠠᠬᠢᠨᠲᠠ ᠬᠦᠷᠴᠦ ᠢᠷᠡᠪᠡ᠂ ᠴᠠᠬᠠᠷ ᠪᠠᠷᠠᠭᠤᠨ ᠭᠠᠷᠤᠨ ᠬᠤᠶᠢᠲᠦ ᠬᠤᠰᠢᠭᠤᠨ ᠤ ᠡᠯ᠎ᠡ ᠰᠤᠷᠭᠠᠭᠤᠯᠢ ᠬᠤᠶᠢᠨ᠎ᠡ ᠬᠤᠶᠢᠨ᠎ᠡ ᠠᠴᠠ ᠪᠠᠨ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠵᠦ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠠᠮᠢᠳᠤᠯᠢᠭ ᠪᠥᠭᠡᠳ ᠣᠯᠠᠨ ᠶᠠᠩᠵᠤ ᠲᠠᠢ ᠪᠠᠶᠢᠪᠡ᠃
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠬᠤᠶᠠᠳᠤᠭᠠᠷ ᠪᠠᠭ᠎ᠠ ᠰᠤᠷᠭᠠᠭᠤᠯᠢ ᠪᠣᠯᠤᠨ ᠮᠢᠩ ᠳ᠋ᠧ ᠪᠠᠭ᠎ᠠ ᠰᠤᠷᠭᠠᠭᠤᠯᠢ ᠶᠢᠨ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠢᠶᠠᠷ ᠭᠤᠣᠯ ᠰᠡᠳᠦᠪ ᠪᠣᠯᠭᠠᠵᠤ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢ ᠡᠬᠢᠯᠡᠭᠦᠯᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠰᠡᠳᠬᠢᠯᠭᠡ ᠪᠣᠯᠤᠨ ᠢᠳᠡᠪᠬᠢᠲᠡᠢ ᠥᠭᠡᠳᠡᠷᠬᠡᠭ ᠲᠡᠮᠡᠴᠡᠬᠦ ᠵᠣᠷᠢᠭ ᠰᠠᠨᠠᠭ᠎ᠠ ᠶᠢ ᠬᠥᠮᠦᠵᠢᠭᠦᠯᠵᠦ᠂ ᠰᠤᠷᠤᠭᠴᠢᠳ ᠤᠨ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠯᠠᠯ ᠳᠤ ᠣᠷᠣᠯᠴᠠᠬᠤ ᠶᠢ ᠵᠣᠷᠢᠭᠵᠢᠭᠤᠯᠵᠠᠢ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠨᠢᠭᠡᠳᠦᠭᠡᠷ ᠬᠢᠴᠢᠶᠡᠯ ᠪᠣᠯ ᠪᠦᠬᠦ ᠪᠠᠭᠰᠢ ᠰᠤᠷᠤᠭᠴᠢᠳ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠬᠢᠨ ᠨᠠᠩ ᠰᠠᠶᠢᠲᠤᠷ ᠰᠠᠶᠢᠲᠤᠷ ᠵᠢᠭᠠᠵᠤ᠂ ᠦᠨᠳᠦᠰᠦᠲᠡᠨ ᠤ ᠰᠣᠶᠣᠯ ᠤᠨ ᠣᠯᠠᠨ ᠶᠠᠩᠵᠤᠲᠤ ᠴᠢᠨᠠᠷ ᠪᠠ ᠠᠮᠢᠵᠢᠷᠠᠯ ᠤᠨ ᠬᠦᠴᠦᠨ ᠢ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠢ ᠤᠯᠠᠮ ᠨᠢᠭᠡ ᠠᠯᠬᠤᠮ ᠠᠬᠢᠭᠤᠯᠬᠤ ᠶᠠᠪᠤᠳᠠᠯ ᠪᠣᠯᠤᠨ᠎ᠠ᠃
   ︽ᠴᠣ ᠰᠢᠨ᠎ᠡ ᠬᠢᠴᠢᠶᠡᠯ ᠤᠨ ᠭᠡᠷ ᠲᠤ ᠠᠯᠬᠤᠨ ᠣᠷᠣᠵᠤ᠂ ᠪᠠᠭᠰᠢ ᠪᠣᠯᠤᠨ ᠬᠠᠮᠲᠤ ᠰᠤᠷᠤᠭᠴᠢᠳ ᠲᠠᠢ ᠠᠭᠤᠯᠵᠠᠵᠤ᠂ ᠰᠡᠳᠬᠢᠯ ᠶᠡᠭᠡ ᠳᠣᠲᠣᠨᠣᠰᠤᠭ ᠰᠠᠨᠠᠭᠳᠠᠪᠡ᠃ ᠪᠠᠭᠰᠢ ᠨᠠᠷ   ᠤᠨ ᠪᠡᠯᠡᠳᠭᠡᠭᠰᠡᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠳᠤ᠂ ᠡᠭᠦᠨ ᠳᠤ ᠣᠯᠢᠮᠫᠢᠺ ᠤᠨ ᠲᠠᠮᠢᠷᠴᠢᠳ ᠤᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠨᠢ ᠮᠢᠨᠦ ᠭᠦᠨ ᠰᠡᠩᠬᠡᠷᠡᠭᠦᠯᠦᠯ ᠣᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠢ ᠣᠯᠢᠮᠫᠢᠺ ᠤᠨ ᠲᠠᠮᠢᠷᠴᠢᠳ ᠤᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ︾ ᠭᠡᠵᠦ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠭᠤᠷᠪᠠᠳᠤᠭᠠᠷ ᠠᠩᠭᠢ ᠶᠢᠨ ᠵᠠᠩ ᠷᠠᠨ ᠢᠲᠡᠭᠡᠯ ᠲᠡᠭᠦᠯᠳᠡᠷ ᠢᠶᠠᠷ ᠬᠡᠯᠡᠪᠡ᠃
   ᠮᠣᠩᠭᠤᠯ ᠰᠤᠷᠭᠠᠭᠤᠯᠢ ᠶᠢᠨ ᠵᠢᠷᠭᠤᠳᠤᠭᠠᠷ ᠣᠨ ᠤ ᠨᠢᠭᠡᠳᠦᠭᠡᠷ ᠠᠩᠭᠢ ᠠᠷᠢᠭᠤᠨ᠎ᠠ᠄ ︽ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠪᠡ᠂ ᠪᠢ ᠮᠠᠰᠢ ᠪᠠᠶᠠᠷᠯᠠᠵᠤ ᠪᠠᠶᠢᠨ᠎ᠠ᠂ ᠤᠴᠢᠷ ᠨᠢ ᠡᠨᠡ ᠨᠢ ᠪᠠᠰᠠ ᠮᠠᠰᠢ ᠣᠯᠠᠨ ᠰᠢᠨ᠎ᠡ ᠮᠡᠳᠡᠯᠭᠡ ᠰᠤᠷᠴᠤ ᠴᠢᠳᠠᠬᠤ ᠶᠢ ᠬᠠᠷᠠᠭᠤᠯᠵᠤ ᠪᠠᠶᠢᠨ᠎ᠠ᠂ ᠬᠠᠮᠲᠤ ᠰᠤᠷᠤᠭᠴᠢᠳ ᠲᠠᠢ ᠬᠠᠮᠲᠤ ᠨᠠᠩ ᠣᠯᠠᠨ ᠪᠠᠶᠠᠷ ᠬᠥᠷ ᠲᠠᠢ ᠴᠠᠭ ᠮᠥᠴᠡ ᠶᠢ ᠥᠩᠭᠡᠷᠡᠭᠦᠯᠵᠦ ᠴᠢᠳᠠᠨ᠎ᠠ᠃ ᠥᠨᠥᠳᠦᠷ ᠤᠨ ᠬᠢᠴᠢᠶᠡᠯ ᠤᠨ ᠲᠠᠩᠬᠢᠮ ᠳᠡᠭᠡᠷ᠎ᠡ᠂ ᠪᠠᠭᠰᠢ ᠠᠴᠠ ᠪᠢᠳᠡᠨ ᠳᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠬᠤ ᠲᠥᠯᠥᠪᠯᠡᠭᠡ ᠪᠣᠯᠤᠨ ᠬᠠᠷᠠᠯᠲᠠ ᠶᠢ ᠲᠠᠶᠢᠯᠪᠤᠷᠢᠯᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠮᠣᠩᠭᠤᠯ ᠦᠨᠳᠦᠰᠦᠲᠡᠨ ᠤ ᠥᠨᠢ ᠤᠳᠠᠭᠠᠨ ᠲᠡᠦᠬᠡ ᠪᠣᠯᠤᠨ ᠭᠡᠷᠡᠯ ᠰᠠᠴᠤᠷᠠᠩᠭᠤᠶ ᠰᠣᠶᠣᠯ ᠢ ᠣᠨᠴᠠᠭᠠᠶᠢᠯᠠᠨ ᠲᠠᠨᠢᠯᠴᠠᠭᠤᠯᠵᠠᠶ᠃ ᠪᠢ ᠮᠣᠩᠬᠤᠯ ᠭᠡᠷ ᠤᠨ ᠲᠤᠬᠠᠢ ᠦᠯᠢᠭᠡᠷ ᠢ ᠰᠣᠨᠣᠰᠣᠭᠠᠳ᠂ ᠲᠡᠷᠡ ᠪᠣᠯ ᠮᠠᠨ ᠤ ᠦᠨᠳᠦᠰᠦᠲᠡᠨ ᠣᠨᠴᠠ ᠪᠠᠶᠢᠳᠠᠭ ᠣᠷᠣᠨ ᠰᠠᠭᠤᠴᠠ ᠶᠢᠨ ᠠᠷᠭ᠎ᠠ ᠮᠠᠶ᠋ᠢᠭ ᠪᠣᠯᠣᠨ᠎ᠠ᠂ ᠪᠢ ᠲᠤᠩ ᠣᠮᠣᠭᠰᠢᠵᠤ ᠪᠠᠶᠢᠨ᠎ᠠ᠃ ᠪᠢ ᠪᠠᠰᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠣᠯᠤᠨ ᠵᠠᠩ ᠳᠠᠳᠬᠠᠯ ᠢ ᠣᠶᠢᠯᠠᠭᠠᠵᠠᠢ᠂ ᠵᠢᠱᠢᠶᠡᠯᠡᠪᠡᠯ ᠨᠠᠭᠠᠳᠤᠮ ᠤᠨ ᠬᠤᠷᠠᠯ ᠪᠣᠯ ᠮᠠᠨ ᠤ ᠮᠣᠩᠭᠤᠯ ᠦᠨᠳᠦᠰᠦᠲᠡᠨ ᠤ ᠠᠷᠠᠳ ᠲᠦᠮᠡᠨ ᠤ ᠡᠯᠪᠡᠭ ᠬᠤᠷᠢᠶᠠᠯᠲᠠ ᠪᠠᠨ ᠪᠡᠯᠭᠡᠯᠡᠬᠦ᠂ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ ᠦᠪᠡᠳᠡᠭᠰᠢ ᠴᠤᠭᠯᠠᠭᠠᠨ ᠮᠥᠨ᠂ ᠪᠢ ᠢᠷᠡᠭᠡᠳᠦᠢ ᠶᠢᠨ ᠪᠡᠶ᠎ᠡ ᠪᠠᠷ ᠢᠶᠠᠨ ᠣᠷᠣᠯᠴᠠᠬᠤ ᠶᠢ ᠮᠠᠰᠢ ᠬᠦᠰᠡᠵᠦ ᠪᠠᠶᠢᠨ᠎ᠠ︾ ᠭᠡᠵᠦ ᠬᠡᠯᠡᠪᠡ᠃
   ︽ᠲᠤᠰ ᠬᠤᠭᠤᠴᠠᠭᠠᠨ ᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠨᠢ ︿ᠬᠠᠶᠢᠷᠠᠲᠦ ᠳᠤᠮᠳᠠᠳᠤ ᠤᠯᠤᠰ﹀ ᠢᠶᠠᠷ ᠭᠤᠣᠯ ᠰᠡᠳᠦᠪ ᠪᠣᠯᠭᠠᠵᠤ᠂ ᠲᠡᠦᠬᠡ᠂ ᠪᠣᠳᠠᠲᠤ ᠠᠬᠤᠢ ᠪᠣᠯᠤᠨ ᠢᠷᠡᠭᠡᠳᠦᠢ ᠶᠢᠨ ᠴᠠᠭ ᠣᠷᠣᠨ ᠵᠠᠢ ᠶᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠢᠷᠠᠭᠤ ᠰᠠᠶᠢᠬᠠᠨ ᠪᠠᠶᠢᠳᠠᠯ ᠪᠣᠯᠤᠨ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠶᠢ ᠬᠠᠷᠠᠭᠤᠯᠵᠠᠢ᠃ ᠡᠭᠦᠨ ᠤ ᠬᠠᠮᠲᠤ᠂ ᠬᠢᠴᠢᠶᠡᠯ ᠨᠢ ᠪᠠᠰᠠ ᠰᠢᠨ᠎ᠡ ᠴᠠᠭ ᠦᠶ᠎ᠡ ᠶᠢᠨ ᠲᠡᠮᠡᠴᠡᠭᠴᠢᠳ ᠤᠨ ᠤᠯᠤᠰ ᠤᠨ ᠪᠠᠶᠢᠳᠠᠯ ᠪᠣᠯᠤᠨ ᠡᠭᠦᠷᠭᠡ ᠬᠠᠷᠢᠭᠤᠴᠠᠯᠭ᠎ᠠ ᠶᠢ ᠬᠡᠦᠬᠡᠳ ᠲᠤ ᠬᠠᠷᠠᠭᠤᠯᠵᠠᠢ᠃ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠨᠠᠮ ᠤᠨ ᠬᠦᠰᠡᠯ ᠡᠷᠡᠮᠡᠯᠵᠡᠯ ᠢ ᠵᠢᠷᠤᠮᠯᠠᠵᠤ᠂ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠪᠠᠭᠰᠢ ᠶᠢ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ︿ᠶᠡᠭᠡ ᠦᠵᠡᠯ ᠰᠠᠨᠠᠭᠠᠨ ᠤ ᠦᠵᠡᠯᠲᠡ﹀ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠠᠴᠠ ᠰᠤᠷᠤᠭᠴᠢᠳ ᠢ ᠬᠥᠮᠦᠵᠢᠭᠦᠯᠵᠦ᠂ ᠲᠡᠳᠡᠨ ᠤ ᠡᠬᠡ ᠤᠯᠤᠰ ᠢᠶᠠᠨ ᠬᠠᠶᠢᠷᠠᠯᠠᠵᠤ᠂ ᠬᠦᠰᠡᠯ ᠵᠡᠭᠦᠳᠦ ᠪᠠᠨ ᠡᠪᠦᠷᠯᠡᠬᠦ ᠵᠠᠩ ᠴᠢᠨᠠᠷ ᠢ ᠬᠥᠮᠦᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠪᠢᠳᠡ ᠰᠤᠷᠤᠭᠴᠢᠳ ᠤᠨ ᠢᠷᠡᠭᠡᠳᠦᠢ ᠶᠢᠨ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠨᠠᠮ ᠢ ᠰᠠᠨᠠᠭ᠎ᠠ ᠠᠮᠤᠷ᠂ ᠡᠬᠡ ᠤᠯᠤᠰ ᠢᠶᠠᠨ ᠬᠠᠶᠢᠷᠠᠯᠠᠬᠤ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠨ᠎ᠠ︾ ᠭᠡᠵᠦ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠢᠩ ᠳ᠋ᠧ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠭᠠᠵᠠᠷ ᠤᠨ ᠡᠷᠬᠢᠯᠡᠭᠴᠢ ᠪᠠᠭᠰᠢ ᠨᠢ ᠰᠤᠷᠤᠭᠴᠢᠳ ᠲᠤ ᠰᠢᠨ᠎ᠡ ᠱᠠᠭᠠᠷᠳᠠᠯᠭ᠎ᠠ ᠳᠤᠷᠠᠳᠴᠠᠶ᠃
   ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ᠂ ᠰᠢᠨ᠎ᠡ ᠳᠦᠷᠰᠦ ᠪᠠᠶᠢᠳᠠᠯ᠂ ᠲᠣᠰ ᠤᠳᠠᠭᠠᠨ ᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠨᠢ ᠰᠤᠷᠤᠭᠴᠢᠳ ᠲᠤ ᠡᠬᠡ ᠤᠯᠤᠰ ᠤᠨ ᠲᠡᠦᠬᠡ ᠪᠠ ᠪᠣᠳᠠᠲᠤ ᠪᠠᠶᠢᠳᠠᠯ ᠢ ᠵᠥᠪ ᠢᠶᠠᠷ ᠲᠠᠨᠢᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠡᠬᠡ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠭᠰᠢ ᠰᠤᠷᠤᠭᠴᠢᠳ ᠬᠠᠮᠲᠤ ᠪᠠᠷ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠪᠠᠭᠰᠢ ᠰᠤᠷᠤᠭᠴᠢᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠪᠠᠭᠰᠢ ᠪᠠ ᠰᠤᠷᠤᠭᠴᠢᠳ ᠬᠠᠮᠤᠭ ᠤᠨ ᠰᠠᠶᠢᠨ ᠪᠠᠶᠢᠳᠠᠯ ᠢᠶᠠᠷ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠨ᠎ᠡ ᠬᠦᠰᠡᠯ ᠵᠡᠭᠦᠳᠦ ᠪᠠᠨ ᠪᠡᠶᠡᠯᠡᠭᠦᠯᠬᠦ ᠶᠢ ᠢᠲᠡᠭᠡᠵᠦ ᠪᠠᠶᠢᠨ᠎ᠠ᠃                          ᠵᠣᠬᠢᠶᠠᠭᠴᠢ᠄ ᠹᠠᠨ ᠵᠢᠶᠠ ᠸᠧᠨ᠂ ᠰᠦᠨ ᠯᠢ ᠨᠠ                         ᠴᠢᠮᠡᠭᠡᠯᠡᠭᠴᠢ᠄ ᠯᠢ ᠷᠦᠩ ᠰᠢᠨ᠂ ᠸᠠᠩ ᠱᠤ᠋ ᠸᠧᠨ᠂ ᠯᠦ ᠰᠢᠶᠤᠤ ᠲᠢᠩ                         ᠤᠷᠴᠢᠭᠤᠯᠤᠭᠴᠢ᠄ ᠰᠤᠷᠤᠨ᠎ᠠ                         ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号