ᠬᠤᠩᠬᠢᠯᠲᠦ ᠪᠠᠯᠭᠠᠰᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
   9 ᠰᠠᠷ᠎ᠠ ᠶᠢᠨ 28 ᠤ ᠡᠳᠦᠷ᠂ ᠬᠤᠩᠬᠢᠯᠲᠦ ᠪᠠᠯᠭᠠᠰᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠲᠣᠭᠲᠠᠭᠤᠨ ᠪᠠᠶᠢᠳᠠᠯ ᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠭᠦᠳᠡᠭᠡᠷ ᠢᠶᠠᠨ ᠰᠡᠷᠡᠮᠵᠢ ᠪᠠᠨ ᠳᠡᠭᠡᠭᠰᠢᠯᠡᠭᠦᠯᠵᠦ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠠᠷᠢᠶᠠᠲᠤ ᠣᠷᠣᠨ ᠤ ᠭᠤᠣᠯᠳᠠᠯᠭ᠎ᠠ ᠲᠠᠢ ᠬᠥᠮᠥᠰ ᠵᠢᠴᠢ ᠣᠷᠣᠰᠢᠵᠤ ᠪᠠᠶᠢᠭ᠎ᠠ ᠲᠣᠭᠲᠠᠭᠤᠨ ᠪᠤᠰᠤ ᠬᠦᠴᠦᠨ ᠵᠦᠢᠯ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠶᠢᠷ᠎ᠠ ᠶᠢᠨ ᠬᠤᠭᠤᠴᠠᠭᠠᠨ ᠤ ᠪᠥᠭᠡᠳ ᠨᠡᠯᠢᠶᠡᠳ ᠤᠷᠳᠤ ᠬᠤᠭᠤᠴᠠᠭᠠᠨ ᠤ ᠳᠣᠲᠣᠷ᠎ᠠ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠥᠮᠥᠰ ᠵᠢᠴᠢ ᠬᠦᠴᠦᠨ ᠵᠦᠢᠯ ᠤᠨ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠵᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠬᠥᠮᠦᠰ ᠵᠢᠴᠢ ᠬᠠᠮᠲᠤᠯᠢᠭ ᠤᠨ ᠬᠠᠷᠢᠭᠤᠴᠠᠯᠭ᠎ᠠ ᠶᠢ ᠳᠠᠭᠠᠭᠠᠴᠢᠯᠠᠬᠤ ᠠᠵᠢᠯ ᠢ ᠳᠣᠭᠢᠷᠠᠭᠤᠯᠤᠨ᠂ ᠣᠷᠣᠰᠢᠵᠤ ᠮᠡᠳᠡᠬᠦ ᠲᠣᠭᠲᠠᠭᠤᠨ ᠪᠤᠰᠤ ᠬᠦᠴᠦᠨ ᠵᠦᠢᠯ ᠢ ᠳᠠᠬᠢᠨᠲᠠ ᠨᠠᠷᠢᠨ ᠨᠢᠮᠪᠠᠶ ᠵᠢᠭᠰᠠᠭᠠᠨ ᠪᠠᠶᠢᠴᠠᠭᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠳᠤ ᠡᠯ᠎ᠡ ᠲᠣᠰᠬᠤᠨ ᠤ ᠬᠢᠨ ᠡᠯ᠎ᠡ ᠲᠥᠷᠥᠯ ᠤᠨ ᠠᠮᠤᠷ ᠲᠦᠪᠰᠢᠨ ᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠡᠷᠬᠡᠪᠰᠢ ᠠᠮᠤᠷ ᠲᠦᠪᠰᠢᠨ ᠤ ᠠᠭᠤᠷ ᠠᠮᠢᠰᠬᠤᠯ ᠢ ᠰᠠᠶᠢᠲᠤᠷ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠤᠨ ᠳᠠᠷᠠᠭ᠎ᠠ᠂ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠠᠯᠭᠠᠰᠤᠨ ᠤ ᠳᠣᠲᠣᠷᠠᠬᠢ ᠡᠯ᠎ᠡ ᠦᠢᠯᠡᠳᠪᠦᠷᠢ ᠠᠭᠤᠷᠬᠠᠶ ᠳᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠪᠠ᠃ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠬᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠴᠢᠭᠯᠡᠭᠦᠯᠦᠨ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠬᠦᠷᠢᠶᠡᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠤᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠴᠢᠷᠮᠠᠶᠢᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠡᠯ᠎ᠡ ᠲᠠᠷᠢᠮᠠᠯ ᠤᠨ ᠲᠣᠮᠣ ᠡᠷᠦᠬᠡ ᠲᠠᠢ ︽ᠴᠠᠯᠢᠩ ᠥᠷᠢᠲᠦᠬᠦ ᠥᠬᠡᠶ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠥᠬᠡᠶ ᠪᠠᠶᠢᠬᠤ ᠶᠢ ᠪᠠᠲᠤᠯᠠᠵᠤ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠵᠢᠴᠢ ᠠᠮᠤᠷ ᠲᠦᠪᠰᠢᠨ ᠤ ᠳᠠᠯᠳᠠ ᠬᠡᠮ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃                                               ᠤᠷᠴᠢᠭᠤᠯᠤᠭᠴᠢ᠄ ᠰᠤᠷᠤᠨ᠎ᠠ                                             ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠬᠢᠯᠲᠦ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号