9 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠳᠡᠳ᠋ ᠳᠠᠷᠤᠭ᠎ᠠ ᠸᠠᠩ ᠴᠠᠩ ᠰᠥᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ᠂ 50 | ᠵᠢᠯ ᠨᠠᠮ ᠳᠤ ᠤᠷᠤᠭᠰᠠᠨ ᠠᠬᠠᠮᠠᠳ ᠨᠠᠮ ᠤᠨ ᠭᠡᠰᠢᠭᠦᠨ ᠬᠤᠤ ᠶᠢᠨ ᠬᠤᠸᠠ ᠨᠠᠰᠤᠲᠠᠨ ᠢ ᠪᠣᠯᠭᠤᠭᠠᠨ | ᠲᠣᠬᠤᠨᠢᠭᠤᠯᠪᠠ᠃ ᠡᠨᠡ ᠤᠳᠠᠭ᠎ᠠ ᠶᠢᠨ ᠠᠶᠢᠯᠴᠢᠯᠠᠯᠲᠠ ᠨᠢ ᠶᠠᠭ ᠰᠠᠶᠢᠬᠠᠨ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠨᠠᠮ ᠪᠣᠯᠤᠨ ᠵᠠᠰᠠᠭ ᠤᠨ | ᠣᠷᠳᠣᠨ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠦᠨᠳᠦᠳᠭᠡᠵᠦ ᠪᠠᠶᠢᠬᠤ ᠶᠢ ᠢᠯᠡᠷᠡᠭᠦᠯᠪᠡ᠃ | ᠬᠤᠰᠢᠭᠤᠨ ᠳᠡᠳ᠋ ᠳᠠᠷᠤᠭ᠎ᠠ ᠰᠦᠨ ᠶᠠᠨ ᠵᠢᠶᠧ᠂ ᠪᠠᠶᠠᠨᠴᠠᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ | | ᠬᠤᠤ ᠶᠢᠨ ᠬᠤᠸᠠ ᠨᠠᠰᠤᠲᠠᠨ ᠤ ᠭᠡᠷ ᠲᠤ᠂ ᠸᠠᠩ ᠴᠠᠩ ᠰᠦᠩ ᠬᠤᠳᠠ ᠶᠢᠨ ᠳᠡᠳ᠋ ᠳᠠᠷᠤᠭ᠎ᠠ ᠲᠡᠭᠦᠨ ᠤ ᠪᠡᠶ᠎ᠡ | ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠤᠳᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ | ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃ ᠲᠡᠷᠡ᠂ ᠠᠬᠠᠮᠠᠳ ᠨᠠᠮ ᠤᠨ ᠭᠡᠰᠢᠭᠦᠨ | ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠨᠠᠮ ᠪᠠ ᠠᠷᠠᠳ ᠲᠦᠮᠡᠨ ᠤ ᠦᠢᠯᠡᠰ ᠲᠤ | ᠯᠤᠲᠤ ᠶᠡᠭᠡ ᠬᠤᠪᠢ ᠨᠡᠮᠡᠷᠢ ᠦᠵᠡᠭᠦᠯᠵᠡᠢ᠂ ᠪᠢᠳᠡ ᠴᠠᠭ ᠢᠮᠠᠭᠲᠠ ᠲᠡᠳᠡᠨ ᠤ ᠠᠮᠢᠳᠤᠷᠠᠯ ᠢ ᠬᠠᠯᠠᠮᠵᠢᠯᠠᠵᠤ᠂ | ᠲᠡᠳᠡᠨ ᠤ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠭᠦᠨ ᠤ ᠬᠠᠮᠲᠤ᠂ ᠲᠡᠷᠡ ᠪᠠᠰᠠ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠬᠠᠮᠠᠳ ᠨᠠᠮ ᠤᠨ ᠭᠡᠰᠢᠭᠦᠨ ᠤ | ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠭᠦᠢᠴᠡᠳ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | | ᠬᠤᠤ ᠶᠢᠨ ᠬᠤᠸᠠ ᠨᠠᠰᠤᠲᠠᠨ ᠰᠡᠳᠬᠢᠯ ᠳᠣᠭᠳᠣᠯᠤᠨ ᠢᠯᠡᠳᠬᠡᠬᠦ ᠳᠡᠭᠡᠨ᠂ ᠨᠠᠮ ᠪᠣᠯᠤᠨ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠲᠡᠷᠡ ᠦᠯᠡᠳᠡᠪᠦᠷᠢ ᠢᠯᠴᠢ ᠪᠠᠨ ᠦᠷᠭᠦᠯᠵᠢᠯᠡᠨ | ᠪᠠᠳᠠᠷᠠᠭᠤᠯᠵᠤ᠂ ᠨᠠᠮ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃ ᠡᠭᠦᠨ ᠤ ᠬᠠᠮᠲᠤ᠂ | ᠲᠡᠷᠡ ᠪᠠᠰᠠ ᠡᠬᠡ ᠤᠯᠤᠰ ᠤᠨ ᠴᠡᠴᠡᠭᠯᠡᠨ ᠬᠥᠭᠵᠢᠵᠦ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ | ᠪᠠᠶᠢᠬᠤ ᠶᠢ ᠬᠦᠰᠡᠨ ᠵᠥᠩᠨᠡᠪᠡ᠃ | | ᠲᠣᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠠᠴᠠ ᠠᠬᠠᠮᠠᠳ ᠨᠠᠮ ᠤᠨ | ᠭᠡᠰᠢᠭᠦᠨ ᠢ ᠬᠠᠯᠠᠮᠵᠢᠯᠠᠵᠤ ᠪᠠᠶᠢᠬᠤ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠨ ᠢᠶᠠᠨ ᠬᠦᠨᠳᠦᠯᠡᠵᠦ | ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠠᠶᠢᠨ᠎ᠠ᠃ | ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠠᠬᠠᠮᠠᠳ ᠨᠠᠮ ᠤᠨ ᠭᠡᠰᠢᠭᠦᠳ ᠯᠠᠪᠲᠠᠢ ᠨᠡᠩ ᠵᠣᠯ | ᠵᠢᠷᠭᠠᠯ ᠲᠠᠢ᠂ ᠰᠠᠶᠢᠨ ᠰᠠᠶᠢᠬᠠᠨ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠨ᠎ᠡ᠃ | | | ᠵᠣᠬᠢᠶᠠᠭᠴᠢ᠄ ᠰᠤᠷᠪᠤᠯᠵᠢᠯᠠᠭᠴᠢ᠄ ᠯᠢᠶᠠᠩ ᠸᠧᠨ ᠯᠦᠩ | ᠴᠢᠮᠡᠭᠡᠯᠡᠭᠴᠢ᠄ ᠯᠦ ᠰᠢᠶᠤᠤ ᠲᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |