ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠸᠠᠩ ᠴᠠᠩ ᠰᠥᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/9/30
   9 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠴᠠᠩ ᠰᠥᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ᠂ 50 ᠵᠢᠯ ᠨᠠᠮ ᠳᠤ ᠤᠷᠤᠭᠰᠠᠨ ᠠᠬᠠᠮᠠᠳ ᠨᠠᠮ ᠤᠨ ᠭᠡᠰᠢᠭᠦᠨ ᠬᠤᠤ ᠶᠢᠨ ᠬᠤᠸᠠ ᠨᠠᠰᠤᠲᠠᠨ ᠢ ᠪᠣᠯᠭᠤᠭᠠᠨ ᠲᠣᠬᠤᠨᠢᠭᠤᠯᠪᠠ᠃ ᠡᠨᠡ ᠤᠳᠠᠭ᠎ᠠ ᠶᠢᠨ ᠠᠶᠢᠯᠴᠢᠯᠠᠯᠲᠠ ᠨᠢ ᠶᠠᠭ ᠰᠠᠶᠢᠬᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠨᠠᠮ ᠪᠣᠯᠤᠨ ᠵᠠᠰᠠᠭ ᠤᠨ ᠣᠷᠳᠣᠨ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠦᠨᠳᠦᠳᠭᠡᠵᠦ ᠪᠠᠶᠢᠬᠤ ᠶᠢ ᠢᠯᠡᠷᠡᠭᠦᠯᠪᠡ᠃ ᠬᠤᠰᠢᠭᠤᠨ ᠳᠡᠳ᠋ ᠳᠠᠷᠤᠭ᠎ᠠ ᠰᠦᠨ ᠶᠠᠨ ᠵᠢᠶᠧ᠂ ᠪᠠᠶᠠᠨᠴᠠᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃
   ᠬᠤᠤ ᠶᠢᠨ ᠬᠤᠸᠠ ᠨᠠᠰᠤᠲᠠᠨ ᠤ ᠭᠡᠷ ᠲᠤ᠂ ᠸᠠᠩ ᠴᠠᠩ ᠰᠦᠩ ᠬᠤᠳᠠ ᠶᠢᠨ ᠳᠡᠳ᠋ ᠳᠠᠷᠤᠭ᠎ᠠ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃ ᠲᠡᠷᠡ᠂ ᠠᠬᠠᠮᠠᠳ ᠨᠠᠮ ᠤᠨ ᠭᠡᠰᠢᠭᠦᠨ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠨᠠᠮ ᠪᠠ ᠠᠷᠠᠳ ᠲᠦᠮᠡᠨ ᠤ ᠦᠢᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠂ ᠪᠢᠳᠡ ᠴᠠᠭ ᠢᠮᠠᠭᠲᠠ ᠲᠡᠳᠡᠨ ᠤ ᠠᠮᠢᠳᠤᠷᠠᠯ ᠢ ᠬᠠᠯᠠᠮᠵᠢᠯᠠᠵᠤ᠂ ᠲᠡᠳᠡᠨ ᠤ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠲᠡᠷᠡ ᠪᠠᠰᠠ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃
   ᠬᠤᠤ ᠶᠢᠨ ᠬᠤᠸᠠ ᠨᠠᠰᠤᠲᠠᠨ ᠰᠡᠳᠬᠢᠯ ᠳᠣᠭᠳᠣᠯᠤᠨ ᠢᠯᠡᠳᠬᠡᠬᠦ ᠳᠡᠭᠡᠨ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠲᠡᠷᠡ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃ ᠡᠭᠦᠨ ᠤ ᠬᠠᠮᠲᠤ᠂ ᠲᠡᠷᠡ ᠪᠠᠰᠠ ᠡᠬᠡ ᠤᠯᠤᠰ ᠤᠨ ᠴᠡᠴᠡᠭᠯᠡᠨ ᠬᠥᠭᠵᠢᠵᠦ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠪᠡ᠃
   ᠲᠣᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠵᠤ ᠪᠠᠶᠢᠬᠤ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠠᠶᠢᠨ᠎ᠠ᠃ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠠᠬᠠᠮᠠᠳ ᠨᠠᠮ ᠤᠨ ᠭᠡᠰᠢᠭᠦᠳ ᠯᠠᠪᠲᠠᠢ ᠨᠡᠩ ᠵᠣᠯ ᠵᠢᠷᠭᠠᠯ ᠲᠠᠢ᠂ ᠰᠠᠶᠢᠨ ᠰᠠᠶᠢᠬᠠᠨ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠨ᠎ᠡ᠃                       ᠵᠣᠬᠢᠶᠠᠭᠴᠢ᠄ ᠰᠤᠷᠪᠤᠯᠵᠢᠯᠠᠭᠴᠢ᠄ ᠯᠢᠶᠠᠩ ᠸᠧᠨ ᠯᠦᠩ                       ᠴᠢᠮᠡᠭᠡᠯᠡᠭᠴᠢ᠄ ᠯᠦ ᠰᠢᠶᠤᠤ ᠲᠢᠩ                       ᠤᠷᠴᠢᠭᠤᠯᠤᠭᠴᠢ᠄ ᠰᠤᠷᠤᠨ᠎ᠠ                       ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号