9 ᠰᠠᠷ᠎ᠠ ᠶᠢᠨ 3 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠶᠢᠨ ᠬᠤᠷᠠᠯ ᠬᠢᠪᠠ᠃ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠵᠢᠶ ᠹᠠᠩ ᠲᠤᠰᠬᠠᠶ ᠰᠡᠳᠦᠪᠲᠦ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ | ᠵᠢᠶᠦ᠋ᠨ ᠮᠡᠳᠡᠭᠦᠯᠦᠯᠲᠡ ᠶᠢᠨ ᠬᠤᠷᠠᠯ ᠢ ᠡᠷᠭᠢᠯᠡᠪᠡ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠵᠢᠢ ᠹᠠᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ | ᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠤᠯ ᠰᠡᠳᠦᠪ ᠨᠢ ᠢᠯᠡ ᠲᠣᠳᠣ᠂ ᠦᠵᠡᠯ ᠰᠠᠨᠠᠭ᠎ᠠ ᠨᠢ | ᠭᠦᠨᠵᠡᠭᠡᠶ᠂ ᠠᠭᠤᠯᠭ᠎ᠠ ᠨᠢ ᠪᠠᠶᠠᠯᠢᠭ ᠪᠠᠶᠢᠵᠤ᠂ ᠬᠤᠷᠠᠯ ᠳᠤ ᠣᠷᠣᠯᠴᠠᠭᠰᠠᠳ ᠤᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠤᠶᠢᠯᠠᠭᠠᠨ ᠡᠵᠡᠮᠰᠢᠬᠦ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠥᠬᠦᠳᠡ ᠬᠤᠷᠠᠯ ᠤᠨ ᠵᠣᠷᠢᠭ | ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ | ᠨᠢᠭᠡᠳᠬᠡᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠣᠨᠣᠪᠴᠢᠲᠠᠶ ᠡᠵᠡᠮᠳᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠳᠤ ᠬᠦᠴᠦᠲᠡᠶ ᠵᠢᠯᠣᠭᠤᠳᠣᠯᠭ᠎ᠠ | ᠬᠠᠩᠭᠠᠪᠠ᠃ | | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠪᠦᠬᠦ ᠠᠵᠢᠯ ᠤᠨ ᠭᠤᠣᠯᠳᠠᠯᠭ᠎ᠠ ᠪᠣᠯᠤᠨ᠎ᠠ᠃ | ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠷᠭᠦᠯᠵᠢᠯᠡᠨ ᠰᠤᠷᠤᠯᠴᠠᠨ | ᠪᠣᠳᠣᠯᠬᠢᠯᠠᠵᠤ᠂ ᠤᠬᠠᠭᠤᠯᠤᠨ ᠲᠠᠶᠢᠯᠪᠤᠷᠢᠯᠠᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠪᠥᠭᠡᠳ | ᠨᠡᠪᠲᠡᠷᠡᠲᠡᠯ᠎ᠡ ᠣᠶᠢᠯᠠᠭᠠᠬᠤ ᠶᠢᠨ ᠬᠠᠮᠲᠤ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠠᠰᠤᠷᠠᠯᠲᠠ ᠥᠬᠡᠶ ᠭᠦᠨᠴᠡ ᠪᠠᠨ ᠥᠷᠭᠡᠳᠬᠡᠨ᠂ ᠥᠷᠭᠡᠴᠡ ᠪᠠᠨ | ᠥᠷᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠦᠨᠡᠨ ᠬᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢᠦ ᠰᠡᠴᠡᠨ᠂ ᠬᠤᠰᠢᠭᠤᠨ ᠲᠠᠰ ᠤᠨ ᠳᠡᠳ᠋ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠵᠣᠬᠢᠶᠠᠭᠴᠢ᠄ ᠰᠤᠷᠪᠤᠯᠵᠢᠯᠠᠭᠴᠢ᠄ ᠯᠢᠶᠠᠩ ᠸᠧᠨ ᠯᠦᠩ | ᠴᠢᠮᠡᠭᠡᠯᠡᠭᠴᠢ᠄ ᠰᠦᠨ ᠶᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |