ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠪᠠ
ᠨᠡᠶᠢᠲᠡᠯᠡᠭᠰᠡᠨ ᠴᠠᠭ᠄
2024/9/5
   ᠵᠠᠯᠠᠭᠤ ᠪᠠᠭ᠎ᠠ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠ ᠤᠯᠤᠰ ᠤᠨ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ ᠶᠢ ᠬᠥᠮᠦᠵᠢᠭᠦᠯᠬᠦ ᠶᠢᠨ ᠲᠥᠯᠥᠭᠡ᠂ ᠣᠶᠢᠷ᠎ᠠ ᠳᠤ᠂ ᠲᠡᠮᠦᠷᠲᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠠᠩᠭᠢ ᠶᠢᠨ ᠲᠡᠮᠦᠷᠲᠡᠢ ᠪᠠᠯᠭᠠᠰᠤᠨ ᠤ ᠰᠤᠷᠭᠠᠭᠤᠯᠢ ᠲᠠᠢ ᠬᠠᠮᠲᠤᠷᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠢᠷᠡᠭᠡᠳᠦᠶ ᠶᠢᠨ ᠤᠯᠤᠰ ᠤᠨ ᠲᠤᠯᠭᠠᠭᠤᠷᠢ ᠪᠣᠯᠭᠠᠭᠰᠠᠨ ᠴᠢᠬᠤᠯᠠ ᠨᠢᠭᠡ ᠭᠤᠭᠴᠤᠭ᠎ᠠ ᠪᠣᠯᠭᠠᠪᠠ᠃
   ᠲᠣᠰ ᠤᠳᠠᠭᠠᠨ ᠤ ᠠᠵᠢᠯᠯᠠᠭ᠎ᠠ ᠳᠤ᠂ ᠴᠡᠷᠢᠭ ᠠᠩᠭᠢ ᠶᠢᠨ ᠬᠤᠷᠠᠩᠲᠠ ᠢᠨᠵᠧᠨᠧᠷ ᠸᠠᠩ ᠶᠠᠨ ᠭᠠᠩ ᠶᠢ ᠣᠨᠴᠠᠭᠠᠶᠢᠯᠠᠨ ᠤᠷᠢᠵᠤ ᠬᠦᠨᠳᠦᠲᠦ ᠵᠣᠴᠢᠳ ᠪᠣᠯᠭᠠᠵᠤ᠂ ᠪᠠᠭᠰᠢ ᠰᠤᠷᠤᠭᠴᠢᠳ ᠲᠤ ᠠᠮᠢᠳᠤᠯᠢᠭ ᠪᠥᠭᠡᠳ ᠭᠤᠶᠢᠳᠠ ᠰᠠᠶᠢᠬᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠠᠶᠢᠯᠤᠮᠵᠢ ᠬᠢᠯᠭᠡᠵᠡᠶ᠃ ᠸᠠᠩ ᠶᠠᠨ ᠭᠠᠩ ᠢᠨᠵᠧᠨᠧᠷ ᠮᠠᠨ ᠤ ᠤᠯᠤᠰ ᠤᠨ ᠡᠷᠭᠢᠨ ᠲᠣᠭᠤᠷᠢᠨ ᠤ ᠠᠮᠤᠷ ᠲᠦᠪᠰᠢᠨ ᠤ ᠲᠣᠭᠤᠷᠢᠨ ᠳᠤ ᠬᠢᠴᠢᠶᠡᠯ ᠣᠷᠣᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠤᠬᠠᠭᠳᠠᠬᠤᠨ᠂ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠣᠯᠤᠨ ᠥᠷᠢᠰᠥᠯᠳᠦᠭᠡᠨ ᠵᠢᠴᠢ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠠᠬᠢ ᠬᠠᠷᠢᠭᠤᠴᠠᠯᠭ᠎ᠠ ᠪᠣᠯᠤᠨ ᠡᠭᠦᠷᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠤᠭᠰᠠᠨ ᠪᠠᠶᠢᠨ᠎ᠠ᠃
   ᠲᠣᠰ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠤᠭᠴᠢᠳ ᠢ ᠮᠡᠳᠡᠯᠭᠡ ᠡᠵᠡᠮᠰᠢᠭᠦᠯᠦᠭᠰᠡᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠲᠡᠳᠡᠨ ᠤ ᠰᠡᠳᠬᠢᠯ ᠳᠤ ᠤᠯᠤᠰ ᠢᠶᠠᠨ ᠬᠠᠶᠢᠷᠠᠯᠠᠬᠤ ᠦᠷ᠎ᠡ ᠶᠢ ᠳᠠᠷᠢᠵᠠᠢ᠃ ᠰᠤᠷᠤᠭᠴᠢᠳ᠂ ᠬᠢᠯᠪᠠᠷ ᠪᠤᠰᠤ ᠪᠠᠷ ᠣᠯᠤᠭᠰᠠᠨ ᠡᠩᠬᠡ ᠲᠠᠶᠢᠪᠤᠩ ᠣᠷᠴᠢᠨ ᠲᠣᠭᠤᠷᠢᠨ ᠢᠶᠠᠨ ᠨᠠᠨᠳᠢᠩᠨᠠᠵᠤ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠢᠷᠡᠭᠡᠳᠦᠶ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
   ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠢᠷᠡᠭᠡᠳᠦᠶ ᠳᠤ᠂ ᠲᠡᠮᠤᠷᠲᠠᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃                            ᠤᠷᠴᠢᠭᠤᠯᠤᠭᠴᠢ᠄ ᠰᠤᠷᠤᠨ᠎ᠠ                           ᠬᠢᠨᠠᠭᠴᠢ᠄ ᠡᠷᠳᠡᠨᠢᠴᠢᠮᠡᠭ
 
ᠢᠷᠡᠯᠲᠡ᠄ ᠲᠡᠮᠦᠷᠲᠡᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号