9 ᠰᠠᠷ᠎ᠠ ᠶᠢᠨ 3 ᠤ ᠡᠳᠦᠷ᠂ ᠴᠦᠩᠴᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠳ᠋ᠤᠸᠠᠨ ᠴᠧᠩ ᠭᠠᠩ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠬᠡᠷ ᠪᠦᠯᠢ ᠶᠢᠨ ᠬᠠᠷᠢᠯᠴᠠᠭᠠᠨ ᠤ ᠥᠷᠲᠡᠭᠡ ᠶᠢᠨ ᠠᠵᠢᠯᠯᠠᠭᠠᠨ ᠤ ᠪᠠᠶᠢᠳᠠᠯ ᠤᠨ | ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠴᠢᠦ ᠵᠢᠶᠦ᠋ᠨ ᠢᠦᠶ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠶᠠᠩ ᠶᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠳᠡᠳ᠋ | ᠲᠡᠷᠢᠭᠦᠯᠡᠭᠴᠢ ᠷᠧᠨ ᠹᠠᠩ ᠶᠠᠷᠢᠯᠴᠠᠬᠤ ᠬᠤᠷᠠᠯ ᠳᠤ ᠣᠷᠣᠯᠴᠠᠪᠠ᠃ | ᠳ᠋ᠤᠸᠠᠨ ᠴᠧᠩ ᠭᠠᠩ ᠨᠠᠷ ᠤᠯᠠᠭᠠᠨᠬᠠᠳᠠ ᠰᠤᠮᠤ ᠶᠢᠨ ᠴᠢᠶᠠᠨ ᠶᠢᠨ ᠭᠠᠴᠠᠭᠠᠨ ᠤ ᠠᠷᠠᠳ ᠤᠨ ᠵᠥᠪᠯᠡᠯ ᠳᠤ᠂ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ | ᠦᠵᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ | ᠪᠠ ᠣᠯᠠᠨ ᠲᠦᠮᠡᠨ ᠳᠤ ᠦᠢᠯᠡᠴᠢᠯᠡᠬᠦ ᠲᠠᠯ᠎ᠠ ᠶᠢᠨ ᠠᠵᠢᠯ ᠤᠨ ᠭᠢᠯᠠᠰ ᠴᠡᠭ ᠵᠢᠴᠢ ᠣᠷᠣᠰᠢᠵᠤ ᠪᠠᠶᠢᠭ᠎ᠠ | ᠠᠰᠠᠭᠤᠳᠠᠯ ᠢ ᠣᠶᠢᠯᠠᠭᠠᠭᠰᠠᠨ ᠪᠥᠭᠡᠳ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | | ᠳ᠋ᠤᠸᠠᠨ ᠴᠧᠩ ᠭᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠬᠤᠯᠪᠣᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ᠂ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯ ᠨᠠᠮ ᠪᠣᠯᠤᠨ ᠵᠠᠰᠠᠭ ᠤᠨ ᠣᠷᠳᠣᠨ ᠤ ᠣᠯᠠᠨ ᠲᠦᠮᠡᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠲᠥᠯᠥᠭᠡᠯᠡᠭᠴᠢ ᠭᠡᠰᠢᠭᠦᠳ ᠤᠨ ᠦᠢᠯᠡᠳᠦᠯ ᠢ ᠰᠠᠶᠢᠲᠤᠷ | ᠪᠠᠳᠠᠷᠠᠭᠤᠯᠬᠤ ᠪᠣᠯ ᠲᠦᠢᠯ ᠤᠨ ᠴᠢᠬᠤᠯᠠ ᠶᠤᠮ᠃ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ᠂ ᠦᠢᠯᠡᠳᠦᠯ ᠢᠶᠠᠨ ᠪᠠᠳᠠᠷᠠᠭᠤᠯᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠠᠵᠢᠯ ᠤᠨ ᠠᠷᠭ᠎ᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠷᠭ᠎ᠠ ᠵᠠᠮ ᠢ ᠰᠢᠯᠤᠭᠤᠳᠬᠠᠵᠤ᠂ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠶᠢ | ᠦᠨᠡᠨᠬᠦ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠢᠭᠰᠠᠭᠠᠯ ᠤᠨ ᠭᠠᠵᠠᠷ᠂ | ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠴᠣᠩᠬᠤ ᠪᠣᠯᠭᠠᠨ ᠪᠠᠶᠢᠭᠤᠯᠬᠤ ᠬᠡᠷᠡᠭᠲᠡᠶ᠃ ᠲᠥᠯᠥᠭᠡᠯᠡᠭᠴᠢ | ᠭᠡᠰᠢᠭᠦᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠯᠥᠭᠡᠯᠡᠭᠴᠢ ᠭᠡᠰᠢᠭᠦᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠬᠠᠪᠰᠤᠷᠤᠨ ︽ᠪᠠᠴᠢᠮ ᠪᠡᠷᠬᠡ | ᠵᠣᠪᠠᠨᠢᠯ ᠬᠦᠰᠡᠯ︾ ᠤᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ᠃ | | | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |