ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 18 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
     9 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 18 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠬᠤᠰᠢᠭᠤᠨ ᠲᠠᠰ ᠤᠨ ᠬᠠᠮᠢᠶ᠎ᠠ ᠪᠥᠬᠦᠶ ᠳᠡᠳ᠋ ᠭᠠᠵᠠᠷ ᠤᠨ ᠤᠳᠤᠷᠢᠳᠤᠯᠭ᠎ᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ᠂ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠢ ᠠᠬᠤᠢ ᠣᠷᠴᠢᠨ ᠲᠣᠭᠤᠷᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠥᠰᠦᠯ ᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠼᠦᠢ ᠶᠦᠩ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠵᠢᠴᠢ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠳᠠ ᠶᠢ ᠶᠡᠭᠡ ᠪᠠᠷ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃     ᠼᠦᠢ ᠶᠦᠩ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠵᠡᠷᠭᠡ ᠴᠢᠬᠤᠯᠠ ᠶᠡᠭᠡ ᠡᠭᠦᠷᠭᠡ ᠶᠢ ᠭᠦᠨᠵᠡᠭᠡᠶ ᠠᠬᠢᠭᠤᠯᠬᠤ ᠲᠣᠭᠤᠷᠢᠨ ᠳᠤ᠂ ᠥᠭᠡᠷᠡᠴᠢᠯᠡᠯᠲᠡ ᠶᠢᠨ ᠡᠭᠦᠷᠭᠡ ᠶᠢ ᠰᠢᠰᠲ᠋ᠧᠮ ᠲᠠᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠠᠶ ᠠᠮᠵᠢᠯᠲᠠ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ  ᠵᠦᠢᠯ ᠤᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠡᠮᠬᠢ ᠵᠢᠷᠤᠮ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃    ᠼᠦᠢ ᠶᠦᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠭᠡᠬᠦ ᠡᠨᠡᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠠᠵᠢᠯ ᠤᠨ ᠬᠤᠷᠢᠭ᠎ᠠ ᠱᠤᠭᠤᠮ ᠤᠯᠠᠭᠠᠨ ᠱᠤᠭᠤᠮ ᠪᠣᠯᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠬᠦ ᠬᠡᠷᠡᠭᠲᠡᠢ᠃ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠢᠳᠡᠪᠬᠢᠲᠡᠢ ᠪᠠᠷ ᠳᠡᠭᠡᠭᠰᠢ ᠵᠣᠯᠭᠠᠭᠤᠯᠵᠤ᠂ ᠲᠤᠬᠢᠷᠠᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃     ᠬᠤᠷᠠᠯ ᠠᠴᠠ ᠪᠠᠰᠠ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠠᠵᠤ ᠠᠬᠤᠢ ᠶᠢᠨ ᠠᠵᠢᠯᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃                              ᠵᠣᠬᠢᠶᠠᠭᠴᠢ᠄ ᠴᠢᠮᠡᠭᠡᠯᠡᠭᠴᠢ᠄ ᠰᠦᠨ ᠶᠢᠩ᠂ ᠨᠠᠷᠬᠢᠯ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号