︽ᠭᠤᠣᠯᠳᠠᠯᠭ᠎ᠠ ᠲᠠᠢ ᠲᠥᠪ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠯᠠᠪᠯᠠᠯᠲᠠ ᠶᠢᠨ ᠪᠠᠷᠢᠮᠵᠢᠶ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/6
     ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠬᠠᠮᠲᠤᠷᠠᠨ ︽ᠭᠤᠤᠯᠳᠠᠯᠭ᠎ᠠ ᠲᠠᠢ ᠲᠥᠪ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠶᠢᠭᠤᠯᠤᠯᠲᠠ ᠶᠢᠨ ᠯᠠᠪᠯᠠᠯᠲᠠ ᠶᠢᠨ ᠪᠠᠷᠢᠮᠵᠢᠶ᠎ᠠ ︾ ︵ᠳᠣᠷᠣᠭᠰᠢ ︽ᠯᠠᠪᠯᠠᠯᠲᠠ ᠶᠢᠨ ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠲᠣᠭᠲᠠᠭᠠᠬᠤ ᠶᠢᠨ ᠬᠠᠮᠲᠤ ᠮᠡᠳᠡᠭᠳᠡᠯ ᠳᠠᠷᠤᠮᠠᠯᠯᠠᠨ ᠲᠠᠷᠬᠠᠭᠠᠪᠠ᠃ ᠡᠳᠦᠭᠡ ︽ᠯᠠᠪᠯᠠᠯᠲᠠ ᠶᠢᠨ ᠪᠠᠷᠢᠮᠵᠢᠶ᠎ᠠ︾ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃     ᠨᠢᠭᠡ᠂ ︽ᠯᠠᠪᠯᠠᠯᠲᠠ ᠶᠢᠨ ᠪᠠᠷᠢᠮᠵᠢᠶ᠎ᠠ︾ ᠶᠢ ᠲᠣᠭᠲᠠᠭᠠᠭᠰᠠᠨ ᠠᠬᠤᠶ ᠪᠠᠶᠢᠳᠠᠯ ᠪᠠ ᠵᠣᠷᠢᠯᠭ᠎ᠠ ᠨᠢ ᠶᠠᠭᠤ ᠪᠣᠶ︖     2023 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠪᠠᠶᠢᠩᠭᠤ ᠰᠠᠭᠤᠭ᠎ᠠ ᠬᠥᠮᠥᠨ ᠠᠮᠠ ᠨᠡᠯᠢᠶᠡᠳ ᠤᠯᠠᠨ᠂ ᠣᠷᠣᠨ ᠪᠦᠰᠡ ᠶᠢᠨ ᠲᠠᠯᠠᠪᠠᠢ ᠨᠡᠯᠢᠶᠡᠳ ᠶᠡᠭᠡ᠂ ᠰᠢᠶᠠᠨ ᠤ ᠬᠤᠳᠠ ᠰᠢᠶᠠᠨ ᠤ ᠬᠡᠪᠴᠢᠶᠡᠨ ᠤ ᠲᠥᠪ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠠᠮᠤᠷᠬᠤ ᠴᠢᠳᠠᠪᠤᠷᠢ ᠬᠦᠷᠦᠯᠴᠡᠬᠦ ᠦᠭᠡᠢ ᠰᠢᠶᠠᠨ ᠢ ᠰᠢᠶᠠᠨ ᠤ ᠬᠤᠳᠠ ᠠᠴᠠ ᠭᠠᠳᠠᠨ᠎ᠠ ᠭᠤᠣᠯ ᠰᠢᠶᠠᠩ ᠪᠠᠯᠭᠠᠰᠤᠨ ᠤ 1— 2 ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠪᠠᠶᠢᠭᠤᠯᠵᠤ᠂ ᠲᠡᠭᠦᠨ ᠢ ᠦᠨᠳᠦᠰᠦᠨ ᠳᠤ ᠪᠠᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠢᠷᠢ ᠲᠦᠪᠰᠢᠨ ᠳᠤ ᠬᠦᠷᠭᠡᠨ᠎ᠡ︾᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠲᠥᠯᠥᠪᠵᠢᠭᠦᠯᠭᠡ︾ ᠳᠤ ︽ᠣᠲᠣ ᠶᠢᠨ ᠪᠠᠶᠢᠭ᠎ᠠ ᠡᠬᠢ ᠪᠠᠶᠠᠯᠢᠭ ᠲᠤ ᠲᠦᠰᠢᠭᠯᠡᠨ᠂ ᠨᠢᠭᠡ ᠪᠦᠯᠦᠭ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠪᠠᠶᠢᠭᠤᠯᠵᠤ᠂ ᠨᠢᠭᠡ ᠪᠦᠯᠦᠭ ᠬᠥᠳᠡᠭᠡ ᠲᠣᠰᠬᠤᠨ ᠤ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠳᠠᠭ᠎ᠠ ᠶᠢᠨ ᠲᠥᠪ ᠢ ᠪᠥᠲᠥᠭᠡᠨ ᠪᠠᠶᠢᠭᠤᠯᠤᠨ᠎ᠠ︾ ᠭᠡᠵᠦ ᠳᠤᠷᠠᠳᠪᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠥᠪᠵᠢᠭᠦᠯᠭᠡ︾ ᠳᠤ ᠪᠠᠰᠠ ᠪᠥᠬᠦ ᠤᠯᠤᠰ ᠤᠨ ᠬᠡᠪᠴᠢᠶᠡᠨ ᠳᠤ ᠨᠢᠭᠡ ᠪᠦᠯᠦᠭ ᠭᠤᠤᠯ ᠪᠣᠯᠬᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠪᠠᠶᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃      ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠨᠡᠩ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠤᠣᠯ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠶᠢᠭᠤᠯᠤᠯᠲᠠ ᠶᠢᠨ ᠰᠡᠳᠬᠢᠴᠡ ᠪᠣᠯᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠭᠠᠵᠠᠷ ᠤᠨ ᠰᠣᠩᠭᠤᠨ ᠪᠠᠶᠢᠭᠤᠯᠬᠤ ᠠᠵᠢᠯ ᠤᠨ ᠪᠦᠲᠦᠮᠵᠢᠲᠡᠢ ᠥᠷᠨᠢᠬᠦ ᠶᠢ ᠵᠢᠯᠣᠭᠤᠳᠴᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ ᠬᠤᠷᠢᠶ᠎ᠠ ︽ᠯᠠᠪᠯᠠᠯᠲᠠ ᠶᠢᠨ ᠪᠠᠷᠢᠮᠵᠢᠶ᠎ᠠ︾ ᠶᠢ ᠵᠣᠬᠢᠶᠠᠨ ᠪᠠᠶᠢᠭᠤᠯᠵᠤ ᠲᠣᠭᠲᠠᠭᠠᠪᠠ᠃      ᠬᠤᠶᠠᠷ᠂ ︽ᠯᠠᠪᠯᠠᠯᠲᠠ ᠶᠢᠨ ᠪᠠᠷᠢᠮᠵᠢᠶ᠎ᠠ︾ ᠶᠢ ᠲᠣᠭᠲᠠᠭᠠᠭᠰᠠᠨ ᠵᠠᠷᠴᠢᠮ ᠨᠢ ᠶᠠᠮᠠᠷ ᠪᠠᠶᠢᠳᠠᠭ ᠪᠤᠢ︖      ᠯᠠᠪᠯᠠᠯᠲᠠ ᠶᠢᠨ ᠪᠠᠷᠢᠮᠵᠢᠶ᠎ᠠ ᠲᠣᠭᠲᠠᠭᠠᠬᠤ ᠳᠤ ᠭᠤᠷᠪᠠᠨ ᠵᠠᠷᠴᠢᠮ ᠢ ᠪᠠᠷᠢᠮᠲᠠᠯᠠᠨ᠎ᠠ᠂ ᠨᠢᠭᠡ ᠳᠤ ᠦᠨᠡᠨ ᠠᠴᠠ ᠵᠥᠪ ᠢ ᠡᠷᠢᠵᠦ᠂ ᠰᠢᠯᠢᠨ ᠰᠣᠩᠭᠤᠬᠤ ᠨᠥᠬᠦᠴᠡᠯ ᠪᠠ ᠪᠦᠲᠦᠭᠡᠨ ᠪᠠᠶᠢᠭᠤᠯᠬᠤ ᠬᠠᠷᠠᠯᠲᠠ ᠶᠢ ᠳᠤᠷᠠᠳᠴᠤ᠂ ᠨᠢᠭᠡᠨᠲᠡ ᠪᠠᠶᠢᠭ᠎ᠠ ᠲᠤᠭ᠎ᠠ ᠪᠠᠷᠢᠮᠲᠠ ᠶᠢ ᠠᠰᠢᠭᠯᠠᠨ ᠭᠦᠢᠴᠡᠳ ᠨᠤᠲᠠᠯᠠᠬᠤ ᠶᠢᠨ ᠬᠠᠮᠲᠤ ᠤᠯᠠᠨ ᠵᠦᠢᠯ ᠤᠨ ᠬᠡᠯᠪᠡᠷᠢ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠬᠤᠶᠠᠷ ᠲᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠦᠨᠳᠦᠰᠦᠨ ᠵᠦᠢᠯ ᠵᠦᠢᠯ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠵᠣᠷᠢᠭᠵᠢᠭᠤᠯᠬᠤ ᠵᠦᠢᠯ ᠵᠤᠷᠪᠤᠰ ᠢ ᠨᠡᠮᠡᠭᠳᠡᠭᠦᠯᠦᠨ᠂ ᠬᠠᠷᠢᠴᠠᠩᠭᠤᠶ ᠭᠦᠢᠴᠡᠳᠬᠡᠬᠦ ᠲᠤᠭ᠎ᠠ ᠶᠢ ᠢᠯᠡᠭᠦᠬᠡᠨ ᠬᠡᠷᠡᠭᠯᠡᠵᠦ᠂ ᠭᠤᠤᠯ ᠭᠦᠢᠴᠡᠳᠬᠡᠬᠦ ᠲᠤᠭ᠎ᠠ ᠶᠢ ︽ᠡᠭᠡᠭᠡ ᠠᠳᠠᠯᠢ ᠪᠠᠶᠢᠯᠭᠠᠬᠤ︾ ᠠᠴᠠ ᠵᠠᠶᠢᠯᠠᠰᠬᠢᠵᠦ᠂ ᠯᠠᠪᠯᠠᠬᠤ ᠪᠠᠷᠢᠮᠵᠢᠶ᠎ᠠ ᠶᠢ ᠵᠡᠭᠦᠨ ᠬᠡᠰᠡᠭ ᠤᠨ ᠭᠠᠵᠠᠷ ᠣᠷᠣᠨ ᠤ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠪᠠᠰᠠ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠨᠡᠶᠢᠴᠡᠭᠦᠯᠵᠦ ᠳᠡᠶᠢᠯᠬᠦ ᠪᠣᠯᠭᠠᠬᠤ ᠬᠡᠷᠡᠭᠲᠡᠶ᠃ ᠭᠤᠷᠪᠠ ᠳᠤ ᠬᠥᠭᠵᠢᠯᠲᠡ ᠳᠤ ᠵᠣᠬᠢᠴᠠᠭᠤᠯᠤᠨ᠂ ᠨᠢᠭᠡ ᠪᠦᠯᠦᠭ ᠭᠤᠤᠯ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠪᠠᠶᠢᠭᠤᠯᠬᠤ ᠨᠢ ᠣᠳᠣᠬᠠᠨ ᠤ ᠰᠢᠶᠠᠨ ᠤ ᠬᠡᠪᠴᠢᠶᠡᠨ ᠤ ᠡᠮᠨᠡᠯᠭᠡ ᠡᠷᠡᠭᠦᠯ ᠬᠠᠮᠠᠭᠠᠯᠠᠯ ᠤᠨ ᠳᠡᠳ᠋ ᠲᠥᠪ ᠤᠨ ᠬᠥᠮᠦᠵᠢᠭᠦᠯᠬᠦ ᠨᠢᠭᠡᠴᠡ ᠶᠢ ᠰᠢᠯᠢᠨ ᠰᠣᠩᠭᠤᠬᠤ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠦᠭᠡᠶ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠬᠠᠮᠢᠶ᠎ᠠ ᠪᠦᠬᠦᠢ ᠭᠦᠢᠴᠡᠳᠬᠡᠬᠦ ᠲᠤᠭ᠎ᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠭᠤᠯᠬᠤ ᠬᠡᠷᠡᠭᠲᠡᠶ᠃      ᠭᠤᠷᠪᠠ᠂ ︽ᠯᠠᠪᠯᠠᠯᠲᠠ ᠶᠢᠨ ᠪᠠᠷᠢᠮᠵᠢᠶ᠎ᠠ︾ ᠶᠢᠨ ᠭᠤᠤᠯ ᠠᠭᠤᠯᠭ᠎ᠠ ᠨᠢ ᠶᠠᠭᠤ ᠪᠣᠶ︖      ᠯᠠᠪᠯᠠᠯᠲᠠ ᠶᠢᠨ ᠪᠠᠷᠢᠮᠵᠢᠶ᠎ᠠ ᠳᠤ 7 ᠬᠡᠰᠡᠭ ᠢ ᠪᠠᠭᠲᠠᠭᠠᠵᠤ᠂ ᠨᠡᠶᠢᠲᠡ 19 ᠵᠦᠢᠯ ᠵᠤᠷᠪᠤᠰ ᠢ ᠪᠠᠭᠲᠠᠭᠠᠵᠤ᠂ ᠪᠠᠰᠠ ᠡᠭᠦᠳᠡᠨ ᠡᠮᠨᠡᠯᠭᠡ ᠵᠢᠴᠢ ᠡᠮᠨᠡᠨ ᠵᠠᠰᠠᠵᠤ ᠡᠮᠨᠡᠯᠭᠡ ᠳᠤ ᠰᠠᠭᠤᠬᠤ ᠦᠨᠳᠦᠰᠦᠨ ᠡᠪᠡᠳᠴᠢᠨ ᠤ ᠲᠥᠷᠥᠯ ᠪᠠ ᠬᠢᠲᠠᠳ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ ᠭᠠᠷᠴᠠᠭ ᠵᠡᠷᠭᠡ ᠬᠤᠶᠠᠷ ᠬᠠᠪᠰᠤᠷᠤᠯᠲᠠ ᠶᠢ ᠪᠠᠭᠲᠠᠭᠠᠨ᠎ᠠ᠃ ᠨᠢᠭᠡᠳᠦᠭᠡᠷ ᠬᠡᠰᠡᠭ ᠨᠢ ︽ᠰᠣᠩᠭᠤᠬᠤ︾ ᠦᠨᠳᠦᠰᠦᠨ ᠨᠥᠬᠦᠴᠡᠯ ᠪᠣᠯᠤᠨ᠎ᠠ᠂ ᠡᠭᠦᠨ ᠳᠤ ᠰᠢᠯᠢᠨ ᠰᠣᠩᠭᠤᠬᠤ ᠨᠥᠬᠦᠴᠡᠯ᠂ ᠰᠢᠶᠠᠨ ᠤ ᠬᠡᠪᠴᠢᠶᠡᠨ ᠤ ᠨᠥᠯᠥᠭᠡᠯᠡᠬᠦ ᠴᠢᠳᠠᠮᠵᠢ ᠶᠢ ᠡᠭᠦᠷᠭᠡᠯᠡᠬᠦ ᠵᠢᠴᠢ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠵᠡᠷᠭᠡ 3 ᠵᠦᠢᠯ ᠵᠤᠷᠪᠤᠰ ᠪᠠᠭᠲᠠᠨ᠎ᠠ᠃ ᠬᠤᠶᠠᠳᠤᠭᠠᠷ ᠠᠴᠠ ᠳᠣᠯᠣᠳᠤᠭᠠᠷ ᠬᠡᠰᠡᠭ ᠪᠣᠯ ︽ᠪᠦᠲᠦᠭᠡᠨ ᠪᠠᠶᠢᠭᠤᠯᠬᠤ︾ ᠠᠭᠤᠯᠭ᠎ᠠ᠂ ︽ᠴᠢᠳᠠᠮᠵᠢ ᠶᠢᠨ ᠪᠠᠶᠢᠷᠢᠰᠢᠭᠤᠯᠤᠯᠲᠠ︾ ᠶᠢᠨ ᠬᠡᠰᠡᠭ ᠲᠤ ᠴᠢᠳᠠᠮᠵᠢ ᠶᠢᠨ ᠲᠠᠷᠬᠠᠯᠲᠠ ᠪᠠ ᠰᠠᠯᠠᠭ᠎ᠠ ᠲᠠᠰᠤᠭ ᠤᠨ ᠲᠣᠬᠢᠷᠠᠭᠤᠯᠤᠯᠲᠠ 2 ᠲᠠᠯ᠎ᠠ ᠪᠠᠭᠲᠠᠨ᠎ᠠ᠂ ︽ᠡᠮᠴᠢᠯᠡᠭᠡᠨ ᠤ  ᠤᠶᠢᠯᠡᠴᠢᠯᠡᠭᠡ︾ ᠶᠢᠨ ᠬᠡᠰᠡᠭ ᠲᠤ ᠲᠦᠷᠭᠡᠨ ᠡᠮᠨᠡᠵᠦ ᠲᠦᠷᠭᠡᠨ ᠠᠪᠤᠷᠠᠬᠤ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠤᠶᠢᠯᠡᠴᠢᠯᠡᠭᠡ᠂ ᠤᠨᠴᠠᠯᠢᠭᠳᠤ ᠲᠤᠰᠬᠠᠶ ᠰᠠᠯᠠᠭᠠᠨ ᠤ ᠤᠶᠢᠯᠡᠴᠢᠯᠡᠭᠡ ᠪᠠ ᠡᠮᠴᠢᠯᠡᠭᠡᠨ ᠤ ᠲᠥᠬᠦᠭᠡᠷᠦᠮᠵᠢ 4 ᠲᠠᠯ᠎ᠠ ᠪᠠᠭᠲᠠᠨ᠎ᠠ᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡ︾ ᠶᠢᠨ ᠬᠡᠰᠡᠭ ᠲᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠤᠶᠢᠯᠡᠴᠢᠯᠡᠭᠡ᠂ ᠡᠷᠡᠭᠦᠯ ᠮᠡᠨᠳᠦ ᠶᠢᠨ ᠡᠯᠧᠺᠲᠷᠤᠨ ᠲᠠᠩᠰᠠ ᠡᠪᠬᠡᠮᠡᠯ ᠢ ᠲᠦᠭᠡᠮᠡᠯᠵᠢᠭᠦᠯᠦᠨ ᠬᠡᠷᠡᠭᠯᠡᠬᠦ ᠵᠡᠷᠭᠡ 3 ᠲᠠᠯ᠎ᠠ ᠪᠠᠭᠲᠠᠨ᠎ᠠ᠂ ︽ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ︾ ᠶᠢᠨ ᠬᠡᠰᠡᠭ ᠲᠤ ᠪᠠᠶᠢᠭᠤᠯᠤᠮᠵᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠣᠷᠣᠨ ᠪᠦᠰᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ 2 ᠲᠠᠯ᠎ᠠ ᠪᠠᠭᠲᠠᠨ᠎ᠠ᠂ ︽ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ︾ ᠶᠢᠨ ᠬᠡᠰᠡᠭ ᠲᠤ ᠡᠯᠧᠺᠲᠷᠣᠨ ᠡᠪᠡᠳᠴᠢᠨ ᠤ ᠲᠡᠮᠳᠡᠭᠯᠡᠯ ᠤᠨ ᠰᠢᠰᠲ᠋ᠧᠮ᠂ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠪᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠤᠨ ᠰᠢᠰᠲ᠋ᠧᠮ ᠪᠠᠭᠲᠠᠨ᠎ᠠ᠂ ︽ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ︾ ᠶᠢᠨ ᠬᠡᠰᠡᠭ ᠲᠤ ᠠᠷᠠᠳᠴᠢᠯᠠᠯ ᠢᠶᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠪᠠ ᠶᠠᠰᠤ ᠴᠢᠨᠠᠷ ᠤᠨ ᠬᠠᠮᠢᠶᠠᠷᠤᠯᠲᠠ ᠵᠡᠷᠭᠡ 2 ᠲᠠᠯ᠎ᠠ ᠶᠢ ᠪᠠᠭᠲᠠᠭᠠᠨ᠎ᠠ᠃      ᠮᠡᠳᠡᠭᠡ ᠵᠠᠩᠭᠢ ᠶᠢᠨ ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ                             ᠤᠷᠴᠢᠭᠤᠯᠤᠭᠴᠢ᠄ ᠡᠷᠳᠡᠨᠢᠴᠢᠮᠡᠭ                           ᠬᠢᠨᠠᠭᠴᠢ᠄ ᠰᠤᠷᠤᠨ᠎ᠠ
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号