ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/13
   1 ᠰᠠᠷ᠎ᠠ ᠶᠢᠨ 10 ᠤ ᠡᠳᠤᠷ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠤ ᠴᠢᠩ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠧᠨ ᠯᠢ᠂ ᠵᠠᠩ ᠳ᠋ᠧᠩ ᠹᠧᠩ᠂ ᠸᠠᠩ ᠬᠤᠩ᠂ ᠴᠢᠨ ᠳ᠋ᠦᠩ ᠼᠠᠢ ᠬᠤᠷᠠᠯ ᠳᠤ ᠣᠷᠣᠯᠴᠠᠵᠠᠶ᠃
   ᠲᠤᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 28 ᠬᠥᠮᠦᠨ᠂ ᠪᠣᠳᠠᠲᠠᠢ ᠣᠷᠣᠯᠴᠠᠭᠰᠠᠨ 28 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠲᠥᠯᠥᠭᠡᠯᠡᠭᠴᠢᠳ ᠤᠨ ᠲᠤᠰᠢᠶᠠᠯ ᠠᠴᠠ ᠪᠠᠨ ᠪᠠᠭᠤᠬᠤ ᠤᠴᠢᠷ ᠶᠠᠪᠤᠳᠠᠯ ᠢ ᠭᠥᠯᠢᠶᠡᠨ ᠠᠪᠬᠤ᠂ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠰᠢᠶᠠᠯ ᠤᠨ ᠮᠡᠳᠡᠭᠦᠯᠦᠯᠲᠡ ᠬᠢᠪᠠ᠃ ᠵᠠᠩ ᠰᠢᠤ ᠴᠢᠩ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠳᠠᠷᠠᠭ᠎ᠠ ᠨᠢ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠵᠠᠩ ᠰᠢᠤ ᠴᠢᠩ ᠤᠯᠤᠰ ᠤᠨ ᠦᠶ᠎ᠡ ᠳᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠪᠠᠷ ᠲᠤᠰᠢᠶᠠᠯ ᠳᠤ ᠭᠠᠷᠤᠭᠰᠠᠨ ᠨᠥᠬᠦᠳ ᠲᠤᠰᠢᠶᠠᠯ ᠬᠠᠩᠭᠠᠬᠤ ᠠᠮᠠᠯᠠᠯᠲᠠ ᠪᠠᠨ ᠦᠢᠯᠡᠳᠦᠯᠭᠡᠵᠢᠭᠦᠯᠵᠦ᠂ ᠰᠢᠨ᠎ᠡ ᠣᠷᠴᠢᠨ ᠲᠣᠭᠤᠷᠢᠨ᠂ ᠰᠢᠨ᠎ᠡ ᠠᠵᠢᠯ ᠤᠨ ᠪᠠᠶᠢᠷᠢ ᠳᠤ ᠲᠦᠷᠭᠡᠨ ᠠᠭᠤᠰᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠠᠳ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠵᠤ᠂ ᠰᠢᠨ᠎ᠡ ᠠᠵᠢᠯ ᠤᠨ ᠡᠭᠦᠷᠭᠡ ᠪᠠᠨ ᠰᠠᠶᠢᠲᠤᠷ ᠭᠦᠢᠴᠡᠳᠬᠡᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠪᠦᠷᠢᠯᠳᠦᠬᠦᠨ ᠨᠡᠷ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠣᠩᠭᠤᠭᠤᠯᠢ ᠶᠢᠨ ᠠᠷᠠᠳ ᠤᠯᠠᠨ ᠲᠦᠮᠡᠨ ᠤ ᠰᠠᠨᠠᠭᠤᠯᠭ᠎ᠠ ᠰᠠᠨᠠᠯ ᠢ ᠥᠷᠭᠡᠨ ᠢᠶᠠᠷ ᠴᠤᠭᠯᠠᠭᠤᠯᠵᠤ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠺᠤᠮᠢᠰ ᠢᠷᠡᠬᠦ ᠵᠢᠯ ᠤᠨ ᠠᠵᠢᠯ ᠤᠨ ᠲᠣᠬᠢᠷᠠᠭᠤᠯᠤᠯᠲᠠ ᠶᠢ ᠡᠷᠲᠡ ᠠᠴᠠ ᠰᠣᠳᠤᠯᠵᠤ᠂  ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠱᠠᠯᠠᠪᠳᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠴᠢᠨ᠋ᠭ᠋᠎ᠠ ᠨᠢᠮᠪᠠᠢ ᠰᠠᠶᠢᠲᠤᠷ ᠬᠢᠬᠦ ᠬᠡᠷᠡᠭᠲᠡᠢ᠃
   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠹᠠᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠤ ᠰᠢᠶᠤᠤ ᠫᠢᠩ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ 24 ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠬᠡᠷ ᠤᠨ ᠡᠷᠬᠢᠯᠡᠭᠴᠢ᠂ ᠤᠯᠠᠭᠠᠨᠬᠠᠳᠠ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠬᠤᠷᠠᠯ ᠳᠤ ᠣᠷᠣᠯᠴᠠᠪᠠ᠃                                            ᠵᠣᠬᠢᠶᠠᠭᠴᠢ᠄ ᠹᠠᠨ ᠵᠢᠶᠠ ᠸᠧᠨ                                            ᠴᠢᠮᠡᠭᠡᠯᠡᠭᠴᠢ᠄ ᠴᠢ ᠷᠦᠢ ᠶᠢᠨ                                           ᠤᠷᠴᠢᠭᠤᠯᠤᠭᠴᠢ᠄ ᠡᠷᠳᠡᠨᠢᠴᠢᠮᠡᠭ                                           ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号