1 ᠰᠠᠷ᠎ᠠ ᠶᠢᠨ 10 ᠤ ᠡᠳᠤᠷ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ | ᠰᠢᠤ ᠴᠢᠩ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠧᠨ ᠯᠢ᠂ ᠵᠠᠩ ᠳ᠋ᠧᠩ ᠹᠧᠩ᠂ ᠸᠠᠩ ᠬᠤᠩ᠂ ᠴᠢᠨ ᠳ᠋ᠦᠩ | ᠼᠠᠢ ᠬᠤᠷᠠᠯ ᠳᠤ ᠣᠷᠣᠯᠴᠠᠵᠠᠶ᠃ | | ᠲᠤᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ | 28 ᠬᠥᠮᠦᠨ᠂ ᠪᠣᠳᠠᠲᠠᠢ ᠣᠷᠣᠯᠴᠠᠭᠰᠠᠨ 28 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠨ᠎ᠡ᠃ ᠬᠤᠷᠠᠯ ᠠᠴᠠ ᠲᠥᠯᠥᠭᠡᠯᠡᠭᠴᠢᠳ ᠤᠨ ᠲᠤᠰᠢᠶᠠᠯ ᠠᠴᠠ ᠪᠠᠨ ᠪᠠᠭᠤᠬᠤ ᠤᠴᠢᠷ ᠶᠠᠪᠤᠳᠠᠯ ᠢ | ᠭᠥᠯᠢᠶᠡᠨ ᠠᠪᠬᠤ᠂ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ | ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠲᠤᠰᠢᠶᠠᠯ ᠤᠨ ᠮᠡᠳᠡᠭᠦᠯᠦᠯᠲᠡ ᠬᠢᠪᠠ᠃ ᠵᠠᠩ ᠰᠢᠤ ᠴᠢᠩ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ | ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠳᠠᠷᠠᠭ᠎ᠠ ᠨᠢ ᠦᠨᠳᠦᠰᠦᠨ ᠬᠠᠤᠯᠢ ᠳᠤ ᠲᠠᠩᠭᠠᠷᠢᠭᠯᠠᠬᠤ | ᠶᠣᠰᠣᠯᠠᠯ ᠶᠠᠪᠤᠭᠤᠯᠪᠠ᠃ ᠵᠠᠩ ᠰᠢᠤ ᠴᠢᠩ ᠤᠯᠤᠰ ᠤᠨ ᠦᠶ᠎ᠡ ᠳᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ | ᠨᠥᠬᠦᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠪᠠᠷ ᠲᠤᠰᠢᠶᠠᠯ ᠳᠤ ᠭᠠᠷᠤᠭᠰᠠᠨ ᠨᠥᠬᠦᠳ ᠲᠤᠰᠢᠶᠠᠯ | ᠬᠠᠩᠭᠠᠬᠤ ᠠᠮᠠᠯᠠᠯᠲᠠ ᠪᠠᠨ ᠦᠢᠯᠡᠳᠦᠯᠭᠡᠵᠢᠭᠦᠯᠵᠦ᠂ ᠰᠢᠨ᠎ᠡ ᠣᠷᠴᠢᠨ ᠲᠣᠭᠤᠷᠢᠨ᠂ ᠰᠢᠨ᠎ᠡ ᠠᠵᠢᠯ ᠤᠨ ᠪᠠᠶᠢᠷᠢ ᠳᠤ | ᠲᠦᠷᠭᠡᠨ ᠠᠭᠤᠰᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠠᠳ ᠢᠶᠠᠨ ᠬᠠᠶᠢᠷᠠᠯᠠᠬᠤ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠪ ᠭᠤᠣᠯᠴᠢ ᠠᠷᠢᠭᠤᠨ | ᠴᠢᠬᠡᠴᠢ ᠪᠠᠶᠢᠵᠤ᠂ ᠰᠢᠨ᠎ᠡ ᠠᠵᠢᠯ ᠤᠨ ᠡᠭᠦᠷᠭᠡ ᠪᠠᠨ ᠰᠠᠶᠢᠲᠤᠷ ᠭᠦᠢᠴᠡᠳᠬᠡᠵᠦ᠂ ᠪᠥᠬᠦ ᠬᠤᠰᠢᠭᠤᠨ ᠤ ᠴᠢᠨᠠᠷ | ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ | ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠪᠦᠷᠢᠯᠳᠦᠬᠦᠨ ᠨᠡᠷ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠣᠩᠭᠤᠭᠤᠯᠢ ᠶᠢᠨ ᠠᠷᠠᠳ ᠤᠯᠠᠨ ᠲᠦᠮᠡᠨ ᠤ | ᠰᠠᠨᠠᠭᠤᠯᠭ᠎ᠠ ᠰᠠᠨᠠᠯ ᠢ ᠥᠷᠭᠡᠨ ᠢᠶᠠᠷ ᠴᠤᠭᠯᠠᠭᠤᠯᠵᠤ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ | ᠠᠰᠠᠭᠤᠳᠠᠯ ᠬᠦᠴᠢᠷ ᠠᠰᠠᠭᠤᠳᠠᠯ ᠢ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ | ᠬᠤᠷᠠᠯᠳᠤᠭᠤᠯᠬᠤ ᠳᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠶᠢᠩᠭᠤ ᠶᠢᠨ ᠬᠤᠷᠢᠶᠠᠨ ᠤ ᠡᠯ᠎ᠡ | ᠠᠵᠢᠯ ᠤᠨ ᠺᠤᠮᠢᠰ ᠢᠷᠡᠬᠦ ᠵᠢᠯ ᠤᠨ ᠠᠵᠢᠯ ᠤᠨ ᠲᠣᠬᠢᠷᠠᠭᠤᠯᠤᠯᠲᠠ ᠶᠢ ᠡᠷᠲᠡ ᠠᠴᠠ ᠰᠣᠳᠤᠯᠵᠤ᠂ ᠪᠠᠶᠢᠩᠭᠤ ᠶᠢᠨ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠱᠠᠯᠠᠪᠳᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠴᠢᠨ᠋ᠭ᠋ᠠ | ᠨᠢᠮᠪᠠᠢ ᠰᠠᠶᠢᠲᠤᠷ ᠬᠢᠬᠦ ᠬᠡᠷᠡᠭᠲᠡᠢ᠃ | | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ | ᠹᠧᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠹᠠᠩ᠂ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠤ ᠰᠢᠶᠤᠤ ᠫᠢᠩ᠂ ᠵᠠᠰᠠᠭ ᠤᠨ ᠣᠷᠳᠣᠨ ᠤ ᠪᠦᠷᠢᠯᠳᠦᠬᠦᠨ | ᠰᠠᠯᠠᠭ᠎ᠠ ᠮᠥᠴᠢᠷ ᠤᠨ 24 ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠠᠯᠪᠠᠨ ᠬᠡᠷ ᠤᠨ ᠡᠷᠬᠢᠯᠡᠭᠴᠢ᠂ ᠤᠯᠠᠭᠠᠨᠬᠠᠳᠠ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ | ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠬᠤᠷᠠᠯ ᠳᠤ ᠣᠷᠣᠯᠴᠠᠪᠠ᠃ | | | | ᠵᠣᠬᠢᠶᠠᠭᠴᠢ᠄ ᠹᠠᠨ ᠵᠢᠶᠠ ᠸᠧᠨ | ᠴᠢᠮᠡᠭᠡᠯᠡᠭᠴᠢ᠄ ᠴᠢ ᠷᠦᠢ ᠶᠢᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | |