ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 1 ᠰᠠᠷ᠎ᠠ ᠶᠢᠨ 10 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠤᠳᠬ᠎ᠠ ᠤᠷᠠᠯᠢᠭ ᠤᠨ ᠡᠲᠡᠭᠡᠳ ᠤᠨ ᠬᠢᠨ ᠤ ᠬᠤᠯᠪᠣᠭᠠᠲᠤ ᠬᠤᠷᠠᠯ ᠠᠴᠠ ᠲᠦᠷᠦᠭᠦᠯᠡᠨ ᠬᠢᠵᠦ᠂ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ | ᠮᠤᠭᠠᠶ ᠵᠢᠯ ᠤᠨ ᠪᠠᠶᠠᠷ ᠬᠦᠷᠭᠡᠵᠦ ᠬᠠᠪᠤᠷ ᠢᠶᠠᠨ ᠤᠭᠲᠤᠬᠤ︾ ᠰᠠᠶᠢᠨ ᠳᠤᠷ᠎ᠠ ᠶᠢᠨ ᠤᠶᠢᠯᠡᠴᠢᠯᠡᠬᠡᠨ ᠤ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡᠲᠡᠨ ᠨᠠᠷ ᠨᠢᠭᠡ ᠨᠢᠭᠡ ᠦᠰᠦᠭ ᠢᠶᠠᠷ ᠵᠢᠭᠰᠠᠵᠤ᠂ | ᠴᠠᠭᠠᠰᠤ ᠳᠡᠪᠢᠰᠴᠦ ᠪᠢᠷ ᠪᠡᠭᠡ ᠪᠠᠨ ᠬᠦᠳᠡᠯᠬᠡᠬᠡᠨ᠂ ᠴᠠᠭᠠᠨ ᠰᠠᠷ᠎ᠠ ᠶᠢᠨ ᠠᠭᠤᠷ ᠠᠮᠢᠰᠬᠤᠯ ᠪᠣᠯᠤᠨ ᠰᠠᠶᠢᠨ ᠰᠠᠶᠢᠬᠠᠨ | ᠵᠥᠩᠨᠡᠯ ᠢ ᠬᠤᠣᠰ ᠤᠶᠠᠩᠭ᠎ᠠ ᠳᠤ ᠠᠭᠤᠰᠬᠠᠪᠠ᠃ ᠬᠤᠣᠰ ᠤᠶᠠᠩᠭ᠎ᠠ ᠶᠢᠨ ᠠᠭᠤᠯᠭ᠎ᠠ ᠨᠢ ᠤᠯᠠᠮᠵᠢᠯᠠᠯᠲᠤ ᠥᠯᠵᠡᠶ | ᠪᠡᠯᠭᠡ ᠲᠠᠢ ᠦᠭᠡ ᠮᠥᠷᠲᠡᠭᠡᠨ ᠪᠠᠰᠠ ᠰᠢᠨᠵᠢᠯᠡᠬᠦ ᠤᠬᠠᠭᠠᠨ ᠤ ᠮᠡᠳᠡᠯᠭᠡ ᠡᠯᠪᠡᠭ ᠪᠠᠶᠢᠳᠠᠭ ᠰᠢᠨ᠎ᠡ ᠶᠢ ᠡᠭᠦᠳᠬᠦ | ᠪᠦᠲᠦᠭᠡᠯ ᠲᠠᠢ ᠶᠤᠮ᠂ ᠵᠢᠱᠢᠶᠡᠯᠡᠪᠡᠯ ︽ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠵᠤ ᠵᠢᠯ ᠪᠦᠷᠢ ᠡᠯᠪᠡᠭ᠂ | ᠰᠣᠶᠣᠯ ᠢᠶᠠᠷ ᠭᠡᠷ ᠢᠶᠠᠨ ᠮᠠᠨᠳᠤᠭᠤᠯᠵᠤ ᠠᠯᠬᠤᠮ ᠠᠯᠬᠤᠮ ᠢᠶᠠᠷ ᠳᠡᠭᠡᠭᠰᠢᠯᠡᠬᠦ︾ ᠵᠡᠷᠭᠡ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠮᠥᠷᠲᠡᠭᠡᠨ ᠪᠠᠰᠠ ᠰᠢᠨᠵᠢᠯᠡᠬᠦ ᠤᠬᠠᠭᠠᠨ ᠢ ᠡᠷᠬᠢᠮᠯᠡᠬᠦ | ᠣᠶᠢᠯᠠᠭᠠᠭᠳᠠᠬᠤᠨ ᠢ ᠴᠤ ᠳᠠᠮᠵᠢᠭᠤᠯᠤᠭᠰᠠᠨ ᠪᠠᠶᠢᠨ᠎ᠠ᠃ | | ︽ᠬᠤᠣᠰ ᠤᠶᠠᠩᠭ᠎ᠠ ᠪᠣᠯ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ | ᠬᠡᠰᠡᠭ ᠮᠥᠨ᠂ ᠤᠷᠠᠨ ᠪᠢᠴᠢᠯᠭᠡ ᠶᠢᠨ ᠬᠤᠣᠰ ᠤᠶᠠᠩᠭ᠎ᠠ ᠪᠠᠷ ᠳᠠᠮᠵᠢᠨ ᠤᠷᠠᠨ ᠪᠢᠴᠢᠯᠭᠡ ᠶᠢᠨ ᠤᠷ᠎ᠠ ᠮᠡᠷᠭᠡᠵᠢᠯ ᠢ | ᠤᠯᠠᠮᠵᠢᠯᠠᠬᠤ ᠪᠠᠷ ᠪᠠᠷᠠᠬᠤ ᠦᠭᠡᠢ ᠪᠠᠰᠠ ᠬᠥᠮᠦᠰ ᠲᠤ ᠶᠠᠭᠠᠷᠠᠯᠲᠠᠢ ᠤᠳᠤ ᠦᠶ᠎ᠡ ᠶᠢᠨ ᠠᠮᠢᠳᠤᠷᠠᠯ ᠳᠤᠮᠳᠠ | ᠤᠯᠠᠮᠵᠢᠯᠠᠯᠲᠤ ᠰᠣᠶᠣᠯ ᠤᠨ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠮᠡᠳᠡᠷᠡᠭᠦᠯᠵᠦ᠂ ᠡᠶᠢᠮᠦᠷᠬᠦ ᠠᠵᠢᠯᠯᠠᠭ᠎ᠠ ᠨᠢ | ᠮᠠᠰᠢ ᠤᠳᠬ᠎ᠠ ᠠᠭᠤᠯᠭ᠎ᠠ ᠲᠠᠢ᠂ ᠨᠡᠩ ᠴᠤ ᠵᠢᠯ ᠤᠨ ᠦᠨᠦᠷ ᠠᠮᠲᠠ ᠲᠠᠢ ᠪᠣᠯᠪᠠ᠃ ᠬᠤᠶᠢᠰᠢᠳᠠ ᠨᠡᠩ ᠤᠯᠠᠨ | ᠡᠶᠢᠮᠦᠷᠬᠦ ᠠᠵᠢᠯᠯᠠᠭ᠎ᠠ ᠲᠠᠢ᠂ ᠪᠢᠳᠡᠨ ᠢ ᠤᠯᠠᠮᠵᠢᠯᠠᠯᠲᠤ ᠰᠣᠶᠣᠯ ᠢ ᠨᠡᠩ ᠤᠯᠠᠨ ᠣᠶᠢᠯᠠᠭᠠᠭᠤᠯᠤᠨ ᠤᠯᠠᠮᠵᠢᠯᠠᠬᠤ ᠶᠢ | ᠬᠦᠰᠡᠵᠦ ᠪᠠᠶᠢᠨ᠎ᠠ︾ ᠭᠡᠵᠦ ᠬᠡᠯᠡᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠷᠠᠨ ᠪᠢᠴᠢᠯᠭᠡ | ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠰᠠᠢ ᠪᠸᠢ ᠤᠷᠠᠨ ᠪᠢᠴᠢᠯᠭᠡ ᠤᠷᠠᠨ ᠵᠢᠷᠤᠭ ᠤᠨ | ᠬᠦᠷᠢᠶᠡᠯᠡᠩ ᠤᠨ ᠳᠠᠷᠤᠭ᠎ᠠ ᠬᠡᠯᠡᠵᠡᠶ᠃ | | ᠲᠣᠰ ᠤᠳᠠᠭᠠᠨ ᠤ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠬᠦᠷᠭᠡᠬᠦ ᠠᠵᠢᠯᠯᠠᠭ᠎ᠠ ᠨᠢ ᠬᠤᠲᠠ ᠶᠢᠨ | ᠠᠷᠠᠳ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ | ᠴᠠᠭᠠᠨ ᠰᠠᠷ᠎ᠠ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠥᠬᠡᠶ ᠪᠠᠰᠠ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠦᠨᠵᠡᠭᠡᠶᠢᠷᠡᠬᠦ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠢᠯᠡᠷᠬᠡᠶᠢᠯᠡᠬᠦ ᠳᠡᠭᠡᠨ᠂ ᠦᠷᠭᠦᠯᠵᠢᠯᠡᠨ ᠰᠢᠨ᠎ᠡ ᠶᠢ ᠡᠭᠦᠳᠬᠦ ᠬᠡᠯᠪᠡᠷᠢ ᠶᠢ ᠬᠠᠶᠢᠨ ᠰᠦᠪᠡᠭᠴᠢᠯᠡᠵᠦ᠂ | ᠤᠯᠠᠮᠵᠢᠯᠠᠯᠲᠤ ᠰᠣᠶᠣᠯ ᠪᠣᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠤᠶᠠᠯᠳᠤᠭᠤᠯᠵᠤ᠂ | ᠬᠤᠲᠠ ᠶᠢᠨ ᠠᠷᠠᠳ ᠲᠤ ᠨᠠᠩ ᠣᠯᠠᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠠᠪᠴᠢᠷᠠᠵᠤ ᠥᠭᠭᠦᠨ᠎ᠡ ᠭᠡᠵᠡᠶ᠃ | | | | | ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠸᠠᠩ ᡁᠢ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | |