1 ᠰᠠᠷ᠎ᠠ ᠶᠢᠨ 14 ᠤ ᠡᠳᠦᠷ᠂ ᠴᠠᠭᠠᠨ ᠰᠠᠷ᠎ᠠ ᠶᠢᠨ ᠣᠶᠢᠷᠠᠳᠬᠤ ᠶᠢ ᠳᠠᠭᠠᠯᠳᠤᠨ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠬᠡᠷᠡᠭᠯᠡᠭᠴᠢᠳ ᠤᠨ ᠡᠷᠡᠭᠦᠯ ᠮᠡᠨᠳᠦ ᠶᠢᠨ ᠡᠷᠬᠡ | ᠠᠰᠢᠭ ᠢ ᠬᠠᠮᠠᠭᠠᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠪᠥᠬᠦ ᠲᠠᠯ᠎ᠠ ᠶᠢᠨ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | | ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠪᠥᠬᠦ ᠬᠤᠰᠢᠭᠤᠨ ᠤ ᠡᠯ᠎ᠡ ᠲᠣᠮᠣ ᠬᠡᠲᠦ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠪᠠ᠃ | ᠪᠠᠶᠢᠴᠠᠭᠠᠬᠤ ᠳᠤᠭᠤᠶᠢᠯᠠᠩ ᠨᠢ ᠭᠤᠤᠯᠳᠠᠭᠤ ᠮᠢᠬᠠᠨ ᠤ ᠲᠥᠷᠥᠯ᠂ ᠢᠳᠡᠰᠢᠨ ᠨᠣᠭᠤᠭ᠎ᠠ᠂ ᠵᠢᠮᠢᠰ᠂ ᠳᠠᠯᠠᠢ ᠶᠢᠨ | ᠢᠳᠡᠭᠡᠨ᠂ ᠤᠷᠢᠳᠴᠢᠯᠠᠨ ᠪᠣᠭᠤᠳᠠᠯᠯᠠᠬᠤ ᠢᠳᠡᠭᠡᠨ ᠵᠡᠷᠭᠡ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ | ᠲᠠᠸᠠᠷ ᠤᠨ ᠢᠷᠡᠯᠲᠡ ᠶᠢᠨ ᠠᠷᠭ᠎ᠠ ᠵᠠᠮ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ | ᠬᠤᠭᠤᠴᠠᠭ᠎ᠠ᠂ ᠬᠠᠳᠠᠭᠠᠯᠠᠬᠤ ᠨᠥᠬᠦᠴᠡᠯ ᠵᠢᠴᠢ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠨ ᠪᠠᠶᠢᠴᠠᠭᠠᠪᠠ᠃ | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠴᠢᠨ ᠤ ᠢᠳᠡᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠲᠤᠬᠠᠶ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠠᠰᠠᠭᠤᠨ ᠯᠠᠪᠯᠠᠭᠰᠠᠨ ᠪᠥᠭᠡᠳ | ᠬᠠᠮᠢᠶ᠎ᠠ ᠪᠥᠬᠦᠶ ᠦᠨᠡᠮᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠢᠴᠢ ᠪᠠᠷᠠᠭ᠎ᠠ ᠣᠷᠣᠭᠤᠯᠤᠭᠰᠠᠨ ᠡᠬᠡ ᠲᠠᠩᠰᠠ | ᠵᠡᠷᠭᠡ ᠮᠠᠲ᠋ᠧᠷᠢᠶᠠᠯ ᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠪᠠ᠃ ᠪᠠᠶᠢᠴᠠᠭᠠᠬᠤ ᠶᠢᠨ ᠬᠠᠮᠲᠤ᠂ ᠬᠠᠤᠯᠢ | ᠬᠡᠷᠡᠭᠵᠢᠭᠦᠯᠬᠦ ᠠᠵᠢᠯᠲᠠᠨ ᠢᠳᠡᠭᠡᠨ ᠤ ᠡᠵᠡᠩᠨᠡᠭᠴᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠶ ᠡᠵᠡᠩᠨᠡᠬᠦ ᠤᠬᠠᠮᠰᠠᠷ ᠢ ᠪᠠᠲᠤ ᠪᠠᠬᠢ | ᠪᠣᠶ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠶ | ᠭᠡᠵᠦ ᠱᠠᠭᠠᠷᠳᠠᠪᠠ᠃ | | ᠴᠠᠭᠠᠨ ᠰᠠᠷ᠎ᠠ ᠶᠢᠨ ᠬᠤᠭᠤᠴᠠᠭ᠎ᠠ ᠪᠣᠯ ᠢᠳᠡᠭᠡᠨ ᠤ ᠬᠡᠷᠡᠭᠯᠡᠭᠡᠨ ᠤ ᠣᠷᠭᠢᠯ ᠤᠨ ᠬᠤᠭᠤᠴᠠᠭ᠎ᠠ ᠮᠥᠨ᠂ ᠪᠠᠰᠠ | ᠴᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠣᠯᠠᠨ ᠡᠭᠦᠰᠬᠦ ᠬᠤᠭᠤᠴᠠᠭ᠎ᠠ ᠮᠥᠨ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠵᠠᠩ ᡁᠢ ᠮᠢᠩ᠄ ︽ᠲᠣᠰ ᠤᠳᠠᠭᠠᠨ ᠤ ᠪᠠᠶᠢᠴᠠᠭᠠᠯᠲᠠ ᠶᠢᠨ | ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠢᠳᠡᠭᠡᠨ ᠦᠢᠯᠡᠳᠪᠦᠷᠢᠯᠡᠵᠤ ᠡᠵᠡᠩᠨᠡᠭᠴᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ︿ᠢᠳᠡᠭᠡᠨ | ᠤᠮᠳᠠᠭᠠᠨ ᠤ ᠠᠮᠤᠷ ᠲᠦᠪᠰᠢᠨ﹀ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ︾ ᠭᠡᠵᠦ ᠬᠡᠯᠡᠪᠡ᠃ | ᠲᠣᠰ ᠤᠳᠠᠭᠠᠨ ᠤ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ | ᠠᠵᠢᠯᠯᠠᠭ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠠᠮᠤᠷ | ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠢᠶᠠᠷ ᠪᠠᠷᠠᠬᠤ ᠥᠬᠡᠶ᠂ | ᠪᠠᠰᠠ ᠪᠥᠬᠦ ᠬᠤᠰᠢᠭᠤᠨ ᠤ ᠠᠷᠠᠳ ᠲᠦᠮᠡᠨ ᠳᠤ ᠠᠮᠤᠷ ᠲᠦᠪᠰᠢᠨ᠂ ᠰᠠᠨᠠᠭ᠎ᠠ ᠠᠮᠤᠷ ᠪᠠᠶᠠᠷ ᠤᠨ ᠡᠳᠦᠷ ᠤᠨ | ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |