ᠴᠠᠭᠠᠨ ᠰᠠᠷ᠎ᠠ ᠶᠢᠨ ᠵᠥᠭᠡᠭᠡᠪᠦᠷᠢ ᠪᠣᠯ ᠨᠢᠭᠡ ᠵᠢᠯ ᠤᠨ ᠳᠣᠲᠣᠷ᠎ᠠ ᠵᠠᠮ ᠬᠠᠷᠢᠯᠴᠠᠭᠠᠨ ᠤ ᠳᠠᠷᠤᠯᠲᠠ ᠬᠠᠮᠤᠭ ᠤᠨ | ᠶᠡᠭᠡ᠂ ᠬᠥᠮᠦᠨ ᠬᠠᠷ᠎ᠠ ᠬᠠᠮᠤᠭ ᠤᠨ ᠲᠥᠪᠯᠡᠷᠡᠭᠰᠡᠨ ᠴᠠᠭ ᠬᠤᠭᠤᠴᠠᠭ᠎ᠠ ᠪᠣᠯᠤᠨ᠎ᠠ᠂ ᠴᠠᠭᠠᠨ ᠰᠠᠷ᠎ᠠ ᠶᠢᠨ | ᠵᠥᠭᠡᠭᠡᠪᠦᠷᠢ ᠶᠢᠨ ᠬᠤᠭᠤᠴᠠᠭᠠᠨ ᠳᠠᠬᠢ ᠠᠶᠠᠨᠴᠢᠳ ᠤᠨ ᠠᠮᠤᠷ ᠲᠦᠪᠰᠢᠨ᠂ ᠬᠠᠯᠠᠭᠤᠨ ᠳᠤᠯᠠᠭᠠᠨ᠂ ᠳᠥᠭᠦᠮ | ᠳᠥᠲᠡ ᠶᠠᠪᠤᠵᠤ ᠰᠠᠭᠤᠬᠤ ᠶᠢ ᠪᠥᠬᠦ ᠲᠠᠯ᠎ᠠ ᠪᠠᠷ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 14 ᠤ ᠡᠳᠦᠷ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠬᠤᠰᠢᠭᠤᠨ ᠤ ᠮᠠᠰᠢᠨ ᠲᠡᠷᠭᠡᠨ ᠤ | ᠥᠷᠲᠡᠭᠡ ᠳᠤ ᠴᠤᠭᠯᠠᠷᠠᠨ ︽2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠬᠢᠯᠡᠯᠲᠡ ᠶᠢᠨ ᠶᠣᠰᠣᠯᠠᠯ︾ | ᠢ ᠦᠪᠡᠳᠡᠭᠰᠢ ᠶᠡᠭᠡ ᠪᠠᠷ ᠡᠷᠭᠢᠯᠡᠪᠡ᠃ ᠲᠤᠰ ᠤᠳᠠᠭᠠᠨ ᠤ ᠶᠣᠰᠣᠯᠠᠯ ᠢ ᠡᠬᠢᠯᠡᠭᠦᠯᠦᠭᠰᠡᠨ ᠨᠢ 40 ᠡᠳᠦᠷ ᠤᠨ | ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠬᠤᠰᠢᠭᠤᠨ ᠤ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠦᠢ ᠯᠢ ᠹᠠᠩ᠂ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | ᠡᠯ᠎ᠡ ᠰᠠᠯᠠᠭ᠎ᠠ ᠮᠥᠴᠢᠷ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠡᠨᠡ ᠬᠦ ᠴᠢᠬᠤᠯᠠ ᠴᠠᠭ | ᠮᠥᠴᠡ ᠶᠢ ᠬᠠᠮᠲᠤ ᠪᠠᠷ ᠭᠡᠷᠡᠴᠢᠯᠡᠪᠡ᠃ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠶᠠᠷᠢᠶ᠎ᠠ ᠲᠠᠯᠪᠢᠵᠤ᠂ ᠪᠥᠬᠦ | ︽ᠴᠠᠭᠠᠨ ᠰᠠᠷ᠎ᠠ ᠶᠢᠨ ᠵᠥᠭᠡᠭᠡᠪᠦᠷᠢ︾ ᠳᠤ ᠣᠷᠣᠯᠴᠠᠭᠰᠠᠳ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ | ᠵᠠᠷᠯᠢᠭ ᠢ ᠳᠠᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠯᠠᠭᠤᠮᠰᠤᠭ ᠢᠶᠠᠷ ᠦᠢᠯᠡᠴᠢᠯᠡᠵᠦ᠂ ᠴᠠᠭᠠᠨ | ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ | ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | ︽2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠮᠠᠨ ᠤ ᠲᠣᠪᠴᠢᠶ᠎ᠠ ᠵᠠᠰᠠᠮᠠᠯ | ᠵᠠᠮ᠂ ᠲᠡᠮᠦᠷ ᠵᠠᠮ ᠳᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠳᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠲᠡᠭᠡᠭᠡᠪᠦᠷᠢ ᠶᠢᠨ ᠠᠵᠢᠯ | ᠡᠷᠭᠢᠯᠡᠭᠰᠡᠳ ᠲᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠬᠢᠵᠦ᠂ ᠠᠷᠠᠳ ᠣᠯᠠᠨ ᠤ ᠠᠮᠤᠷ ᠲᠦᠪᠰᠢᠨ᠂ | ᠬᠠᠯᠠᠭᠤᠨ ᠳᠤᠯᠠᠭᠠᠨ᠂ ᠳᠥᠭᠦᠮ ᠳᠥᠲᠡ ᠴᠠᠭᠠᠨ ᠰᠠᠷ᠎ᠠ ᠶᠢᠨ ᠵᠥᠭᠡᠭᠡᠪᠦᠷᠢ ᠶᠢ ᠥᠩᠭᠡᠷᠡᠭᠦᠯᠬᠦ ᠶᠢ ᠦᠨᠡᠨ ᠬᠦ | ᠪᠠᠳᠤᠯᠠᠨ᠎ᠠ︾ ᠭᠡᠵᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ | ᠡᠨᠡ ᠤᠳᠠᠭᠠᠨ ᠤ ᠴᠠᠭᠠᠨ ᠰᠠᠷ᠎ᠠ ᠶᠢᠨ ᠵᠦᠭᠡᠭᠡᠪᠦᠷᠢᠯᠡᠯᠲᠡ ᠶᠢᠨ ᠡᠬᠢᠯᠡᠯᠲᠡ ᠶᠢᠨ ᠶᠣᠰᠣᠯᠠᠯ ᠤᠷᠤᠭᠰᠢᠲᠠᠶ | ᠶᠠᠪᠤᠭᠳᠠᠭᠰᠠᠨ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ | ᠨᠢᠭᠡᠨᠲᠡ ᠪᠥᠬᠦ ᠲᠠᠯ᠎ᠠ ᠪᠠᠷ ᠪᠣᠳᠠᠲᠤ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠵᠠᠯᠭᠠᠭᠠᠳ᠂ ᠡᠯ᠎ᠡ | ᠰᠠᠯᠠᠭ᠎ᠠ ᠮᠥᠴᠢᠷ ᠤᠨ ᠬᠢᠨ ᠪᠦᠯᠬᠦᠮᠳᠡᠨ ᠬᠠᠮᠵᠢᠯᠴᠠᠬᠤ᠂ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠤᠯᠠᠨ ᠠᠶᠠᠨᠴᠢᠳ ᠤᠨ ᠠᠮᠤᠷ ᠲᠦᠪᠰᠢᠨ᠂ ᠤᠷᠤᠭᠰᠢᠲᠠᠢ | ᠶᠠᠪᠤᠵᠤ ᠰᠠᠭᠤᠬᠤ ᠶᠢ ᠪᠠᠲᠤᠯᠠᠨ᠎ᠠ᠃ | | | | | ᠵᠣᠬᠢᠶᠠᠭᠴᠢ᠄ ᠰᠤᠷᠪᠤᠯᠵᠢᠯᠠᠭᠴᠢ᠄ ᠰᠦᠨ ᠯᠢ ᠨᠠ᠂ ᠹᠠᠨ ᠵᠢᠶᠠ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |