ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ 2025 ᠣᠨ ᠤ ᠨᠢᠭᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
   1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ 2025 ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾ ᠵᠢᠴᠢ ︽2024 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠥᠰᠦᠪ ︵ᠲᠥᠰᠦᠯ︶︾ ᠢ ᠬᠢᠨᠠᠨ ᠵᠥᠪᠯᠡᠪᠡ᠃ ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠳᠡᠭᠡᠷ᠎ᠡ ᠨᠢᠭᠡ ᠵᠢᠯ ᠤᠨ ᠠᠵᠢᠯ ᠤᠨ ᠪᠦᠬᠦ ᠲᠠᠯ᠎ᠠ ᠶᠢᠨ ᠡᠷᠭᠢᠴᠡᠭᠦᠯᠦᠯ ᠪᠠ ᠳ᠋ᠦᠩᠨᠡᠯᠲᠡ ᠮᠥᠨ᠂ ᠪᠠᠰᠠ ᠴᠤ ᠰᠢᠨ᠎ᠡ ᠨᠢᠭᠡ ᠵᠢᠯ ᠤᠨ ᠠᠵᠢᠯ ᠤᠨ ᠬᠠᠷᠠᠯᠲᠠ ᠶᠢᠨ ᠲᠤᠬᠠᠢ ᠲᠣᠳᠣᠷᠬᠠᠢ ᠲᠥᠯᠥᠪᠵᠢᠭᠦᠯᠭᠡ ᠮᠥᠨ᠃ ᠠᠯᠪᠠᠨ ᠬᠡᠷ ᠨᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠨᠢᠮᠪᠠᠶ ᠡᠮᠬᠢᠯᠡᠵᠦ᠂ ᠢᠳᠡᠪᠬᠢᠲᠡᠶ ᠭᠥᠯᠢᠶᠡᠨ ᠠᠪᠴᠤ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠠᠮᠵᠢᠯᠲᠠ ᠪᠦᠲᠦᠮᠵᠢ ᠶᠢ ᠳ᠋ᠦᠩᠨᠡᠭᠰᠡᠨ ᠬᠢᠯᠠᠰ ᠴᠡᠭ ᠲᠣᠪᠤᠶᠢᠮ᠎ᠠ᠂ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠪᠥᠬᠦ ᠲᠠᠯ᠎ᠠ ᠪᠠᠷ ᠪᠠᠶᠢᠬᠤ ᠬᠡᠷᠡᠭᠲᠡᠶ᠃
   ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠢᠨ᠎ᠡ ᠵᠢᠯ ᠤᠨ ᠡᠴᠦᠰ ᠪᠣᠯᠵᠤ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ ᠪᠠᠷᠠᠭᠠᠨ ᠤ ᠢᠷᠡᠯᠲᠡ ᠶᠢ ᠢᠳᠡᠪᠬᠢᠲᠡᠶ ᠥᠷᠭᠡᠳᠬᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ︔ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠤ ᠴᠢᠭᠯᠡᠭᠦᠯᠦᠨ᠂ ᠬᠤᠳᠠ ᠶᠢᠨ ᠬᠠᠮᠢᠶᠠᠷᠤᠯᠲᠠ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠬᠦᠷᠢᠶᠡᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠴᠢᠩᠭᠠᠳᠬᠠᠵᠤ᠂ 12345 ᠤᠲᠠᠰᠤ᠂ ᠰᠦᠯᠵᠢᠶᠡᠨ ᠳᠡᠭᠡᠷᠡᠬᠢ ᠵᠠᠬᠢᠳᠠᠯ ᠤᠨ ᠬᠠᠶᠢᠷᠴᠠᠭ ᠲᠤ ᠦᠭᠡ ᠦᠯᠡᠳᠡᠭᠡᠬᠦ ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠰᠢᠢᠳᠪᠦᠷᠢᠯᠡᠵᠦ᠂ ᠡᠯ᠎ᠡ ᠲᠦᠷᠦᠯ ᠤᠨ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠶᠢᠨ ᠬᠠᠮᠲᠤᠯᠢᠭ ᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠶᠠᠷ ᠬᠤᠷᠠᠯ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ︔ ᠡᠭᠦᠨ ᠤ ᠬᠠᠮᠲᠤ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠲᠣᠬᠤᠨᠢᠭᠤᠯᠬᠤ᠂ ᠠᠪᠤᠷᠠᠨ ᠲᠤᠰᠠᠯᠠᠬᠤ ᠵᠡᠷᠭᠡ ᠠᠵᠢᠯ ᠢ ᠨᠠᠷᠢᠨ ᠨᠢᠮᠪᠠᠢ ᠪᠡᠯᠡᠳᠬᠡᠨ ᠡᠷᠬᠢᠯᠡᠵᠦ᠂ ᠠᠷᠠᠳ ᠤᠯᠠᠨ ᠢ ᠪᠠᠶᠠᠷ ᠪᠠᠶᠠᠰᠬᠤᠯᠠᠩ ᠲᠠᠢ ᠡᠶ᠎ᠡ ᠨᠠᠶᠢᠷᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ᠃ ᠰᠢᠨ᠎ᠡ ᠮᠠᠲ᠋ᠧᠷᠢᠶᠠᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠵᠣᠣ ᠯᠦᠩ ᠹᠸᠢ᠂ ᠬᠤᠰᠢᠭᠤᠨ ᠤ ᠤᠳᠤᠷᠢᠳᠤᠯᠭ᠎ᠠ ᠸᠠᠩ ᠶᠦᠩ ᠹᠧᠩ᠂ ᠸᠠᠩ ᡁᠢ ᠴᠢ᠂ ᠴᠠᠩ ᠶᠠ ᠨᠢᠩ᠂ ᠸᠠᠩ ᠬᠤᠩ᠂ ᠴᠢᠶᠣᠤ ᠰᠢᠶᠣᠣ ᠶᠠᠨ᠂ ᠹᠦ᠋ ᠵᠢᠶᠠᠨ᠂ ᠷᠧᠨ ᠹᠠᠩ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠣᠷᠣᠯᠴᠠᠵᠠᠢ᠃                                      ᠵᠣᠬᠢᠶᠠᠭᠴᠢ᠄ ᠹᠧᠩ ᠯᠢ ᠶᠤᠸᠠᠨ                                      ᠴᠢᠮᠡᠭᠡᠯᠡᠭᠴᠢ᠄ ᠸᠠᠩ ᠱᠤ᠋ ᠸᠧᠨ                                      ᠤᠷᠴᠢᠭᠤᠯᠤᠭᠴᠢ᠄ ᠰᠤᠷᠤᠨ᠎ᠠ                                      ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号