ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ | ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠠᠶᠢᠷ᠎ᠠ | ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠦᠨᠡᠨ ᠬᠦ ᠳᠠᠮᠵᠢᠭᠤᠯᠪᠠ᠃ 1 ᠰᠠᠷ᠎ᠠ ᠶᠢᠨ 15 ᠤ ᠡᠳᠦᠷ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠯᠢ ᠰᠢᠶᠠᠩ ᠴᠢᠩ ᠰᠡᠳᠬᠢᠯ ᠠᠴᠠ ᠪᠠᠨ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠶᠢ ᠤᠷᠢᠵᠤ ᠮᠦᠷᠤᠭ᠍ᠴᠡᠭᠡ ᠶᠢᠨ ᠰᠦᠮ᠎ᠡ ᠶᠢᠨ ᠭᠠᠴᠠᠭ᠎ᠠ ᠳᠤ ᠬᠦᠷᠴᠦ ᠴᠠᠭᠠᠨ | ᠰᠠᠷ᠎ᠠ ᠶᠢ ᠤᠭᠲᠤᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠲᠦᠮᠡᠨ ᠳᠤ | ᠥᠯᠵᠡᠶ ᠪᠡᠯᠭᠡ ᠲᠠᠢ ᠬᠤᠣᠰ ᠤᠶᠠᠩᠭ᠎ᠠ ᠪᠠ ︽ᠪᠤᠶᠠᠨ︾ ᠭᠡᠬᠦ ᠦᠰᠦᠭ ᠬᠦᠷᠭᠡᠵᠦ᠂ ᠪᠠᠶᠠᠷ ᠬᠥᠷ ᠲᠠᠢ ᠥᠯᠵᠡᠶ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠢᠶᠠᠷ ᠪᠢᠯᠬᠠᠵᠤ᠂ ᠤᠯᠠᠨ ᠢᠶᠠᠷ ᠢᠶᠠᠨ ᠤᠷᠠᠨ | ᠪᠢᠴᠢᠯᠭᠡᠲᠡᠨ ᠤ ᠳᠡᠷᠬᠡᠲᠡ ᠴᠤᠭᠯᠠᠷᠠᠨ᠂ ᠬᠤᠤᠰ ᠤᠶᠠᠩᠭ᠎ᠠ ᠪᠤᠯᠤᠨ ︽ᠪᠤᠶᠠᠨ︾ ᠭᠡᠬᠦ ᠦᠰᠤᠭ᠌ ᠤᠯᠵᠣ ᠠᠪᠬᠤ | ᠦᠶ᠎ᠡ ᠳᠤ ᠬᠦᠮᠤᠨ ᠪᠤᠯᠭᠠᠨ ᠤ ᠴᠢᠷᠡᠢ ᠳᠤ ᠵᠤᠯ ᠵᠢᠷᠭᠠᠯᠲᠦ ᠢᠨᠢᠶᠡᠮᠰᠤᠭ᠍ᠯᠠᠯ ᠲᠤᠳᠤᠷᠠᠵᠤ᠂ ︽ᠦᠩᠭᠡᠷᠡᠭᠰᠡᠨ ᠳᠤ | ᠵᠢᠯ ᠪᠦᠷᠢ ᠶᠢᠨ ᠴᠠᠭᠠᠨ ᠰᠠᠷ᠎ᠠ ᠠᠴᠠ ᠡᠮᠤᠨ᠎ᠡ ᠭᠡᠷ ᠤᠨ ᠭᠦᠮᠤᠰ ᠪᠦᠷ ᠬᠤᠤᠰ ᠤᠶᠠᠩᠭ᠎ᠠ ᠬᠤᠳᠠᠯᠳᠤᠨ ᠠᠪᠴᠦ᠂ | ᠬᠤᠳᠠᠯᠳᠤᠨ ᠠᠪᠤᠭᠰᠠᠨ ᠬᠤᠤᠰ ᠤᠶᠠᠩᠭ᠎ᠠ ᠨᠢ ᠪᠦᠷ ᠲᠠᠷᠤᠮᠠᠯᠯᠠᠵᠤ ᠭᠠᠷᠭᠠᠭᠰᠡᠨ᠂ ᠠᠶᠢᠯ ᠪᠤᠯᠭᠠᠨ ᠤ ᠠᠭᠤᠯᠭ᠎ᠠ ᠨᠢ | ᠠᠳᠠᠯᠢᠪᠳᠤᠷ ᠪᠠᠶᠢᠳᠠᠭ᠂ ᠭᠡᠪᠡᠴᠦ ᠡᠨᠡ ᠤᠳᠠᠭ᠎ᠠ ᠪᠤᠯ ᠤᠷᠠᠨ ᠪᠢᠴᠢᠯᠭᠡᠳᠡᠨ ᠨᠠᠷ ᠦᠪᠡᠷ ᠤᠨ ᠭᠠᠷ ᠢᠶᠠᠷ ᠢᠶᠠᠨ | ᠪᠢᠳᠡᠨ ᠳᠤ ᠪᠢᠴᠢᠭᠰᠡᠨ ᠬᠤᠤᠰ ᠤᠶᠠᠩᠭ᠎ᠠ᠂ ᠠᠭᠤᠯᠭ᠎ᠠ ᠨᠢ ᠪᠠᠶᠠᠯᠢᠭ᠂ ᠰᠡᠳᠬᠢᠯ ᠶᠡᠭᠡ ᠬᠠᠨᠤᠮᠵᠢᠲᠠᠢ ᠪᠠᠶᠢᠨ᠎ᠠ᠂ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠷᠢᠨ ᠨᠢᠭᠲᠠ ᠲᠤᠬᠢᠷᠠᠭᠤᠯᠤᠯᠳᠠ ᠵᠢᠴᠢ ᠨᠠᠮ ᠪᠣᠯᠤᠨ ᠵᠠᠰᠠᠭ ᠤᠨ | ᠣᠷᠳᠣᠨ ᠤ ᠭᠦᠨ ᠬᠠᠯᠠᠮᠵᠢᠯᠠᠯ ᠳᠤ ᠲᠦᠢᠯ ᠢᠶᠠᠷ ᠲᠠᠯᠠᠷᠬᠠᠵᠤ ᠪᠠᠶᠢᠨ᠎ᠠ︾ ᠭᠡᠵᠦ ᠮᠠᠭᠲᠠᠨ ᠰᠠᠶᠢᠰᠢᠶᠠᠪᠠ᠃ | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠬᠦ | ᠠᠵᠢᠯᠯᠠᠭ᠎ᠠ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ | ᠪᠠᠶᠠᠰᠬᠤᠯᠠᠩᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠮᠠᠯᠴᠢᠨ ᠲᠠᠷᠢᠶᠠᠴᠢᠨ | ᠣᠯᠠᠨ ᠲᠦᠮᠡᠨ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠳᠡᠨ ᠳᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠠᠮ ᠤᠨ ᠭᠡᠰᠢᠭᠦᠨ ᠺᠠᠳ᠋ᠷ ᠪᠠ ᠣᠯᠠᠨ ᠲᠦᠮᠡᠨ ᠤ ᠬᠤᠭᠤᠷᠣᠨᠳᠣᠬᠢ | ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠬᠤ ᠶᠢᠨ ᠲᠥᠯᠥᠭᠡ ᠶᠤᠮ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |