ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2025/1/3
   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠢᠯ ᠤᠨ ᠰᠡᠳᠬᠢᠴᠡ ᠪᠠᠨ ᠥᠷᠭᠡᠳᠬᠡᠬᠦ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ 1 ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠬᠢᠯᠡᠵᠦ᠂ 320 ᠭᠠᠷᠤᠶ ᠬᠤᠰᠢᠭᠤ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠪᠠᠶᠢᠭᠤᠯᠭ᠎ᠠ ᠶᠢᠨ ᠺᠠᠳ᠋ᠷ ᠪᠣᠯᠪᠠᠰᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠤ ᠴᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠧᠨ ᠯᠢ᠂ ᠵᠠᠩ ᠳ᠋ᠧᠩ ᠹᠧᠩ᠂ ᠴᠢᠨ ᠳ᠋ᠦᠩ ᠼᠠᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠬᠤᠩ ᠬᠤᠷᠠᠯ ᠡᠷᠭᠢᠯᠡᠪᠡ᠃
   ᠵᠠᠩ ᠰᠢᠤ ᠴᠢᠩ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶᠠᠨ ᠳᠠᠭᠠᠨ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ᠂ ᠱᠠᠭᠠᠷᠳᠠᠯᠭ᠎ᠠ ᠪᠠ ᠰᠤᠷᠤᠯᠴᠠᠬᠤ ᠬᠠᠷᠠᠯᠲᠠ ᠪᠠᠨ ᠴᠢᠬᠤᠯᠠᠴᠢᠯᠠᠭᠰᠠᠨ ᠪᠥᠭᠡᠳ ᠲᠥᠯᠥᠭᠡᠯᠡᠭᠴᠢᠳ ᠤᠨ ᠲᠣᠰ ᠤᠳᠠᠭᠠᠨ ᠤ ᠪᠣᠯᠪᠠᠰᠤᠷᠠᠭᠤᠯᠤᠯ ᠤᠨ ᠲᠣᠬᠢᠶᠠᠯ ᠢ ᠨᠠᠨᠳᠢᠩᠨᠠᠵᠤ᠂ ᠬᠢᠨᠠᠮᠠᠭᠠᠶ ᠰᠤᠷᠤᠯᠴᠠᠵᠤ᠂ ᠲᠣᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠦᠷᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢ ᠵᠣᠷᠢᠭᠵᠢᠭᠤᠯᠪᠠ᠃    ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠠᠰᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠯᠪᠣᠭᠳᠠᠯ ᠪᠥᠬᠦᠶ ᠣᠯᠠᠨ ᠫᠷᠤᠹᠧᠰᠰᠤᠷ ᠢ ᠲᠤᠰᠬᠠᠶᠢᠯᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠲᠡᠳᠡ ᠲᠤᠰ ᠲᠤᠰ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠭᠤᠣᠯ ᠴᠢᠬᠤᠯᠠ ᠠᠭᠤᠯᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ︿ᠵᠢᠷᠭᠤᠭᠠᠨ ᠢᠨᠵᠧᠨᠧᠷᠢᠩ﹀ ᠢ ᠰᠠᠶᠢᠲᠤᠷ ᠬᠢᠬᠦ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠮᠡᠳᠡᠯᠭᠡ︾ ᠵᠡᠷᠭᠡ ᠭᠤᠣᠯ ᠰᠡᠳᠦᠪ ᠤᠨ ᠲᠣᠭᠤᠷᠢᠨ ᠳᠤ ᠭᠤᠶᠢᠳᠠ ᠰᠠᠶᠢᠬᠠᠨ ᠬᠢᠴᠢᠶᠡᠯ ᠣᠷᠣᠵᠤ᠂ ᠪᠣᠯᠪᠠᠰᠤᠷᠠᠯ ᠤᠨ ᠬᠤᠷᠠᠯ ᠳᠡᠭᠡᠷ᠎ᠡ ᠪᠠᠰᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠰᠦᠯᠵᠢᠶᠡᠨ ᠳᠡᠭᠡᠷᠡᠬᠢ ᠪᠣᠯᠪᠠᠰᠤᠷᠠᠯ ᠬᠢᠵᠡᠢ᠃    ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠠᠭᠤᠯᠭ᠎ᠠ ᠨᠢ ᠪᠠᠶᠠᠯᠢᠭ᠂ ᠲᠣᠬᠢᠷᠠᠭᠤᠯᠤᠯᠲᠠ ᠨᠢ ᠠᠪᠰᠠᠷᠬᠠᠨ᠂ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠴᠦ ᠶᠡᠭᠡ ᠪᠠᠷ ᠳᠡᠭᠡᠭᠰᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠲᠡᠭᠡᠵᠦ ᠪᠠᠶᠢᠨ᠎ᠠ᠃                                           ᠵᠣᠬᠢᠶᠠᠭᠴᠢ᠄ ᠰᠦᠨ ᠯᠢ ᠨᠠ                                           ᠴᠢᠮᠡᠭᠡᠯᠡᠭᠴᠢ᠄ ᠸᠠᠩ ᡁᠢ ᠸᠧᠨ                                           ᠤᠷᠴᠢᠭᠤᠯᠤᠭᠴᠢ᠄ ᠡᠷᠳᠡᠨᠢᠴᠢᠮᠡᠭ                                           ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号