1 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠵᠦᠩ ᠾᠧ ᠲᠠᠷᠢᠶᠠᠯᠠᠩ ᠤᠨ ᠢᠲᠡᠭᠡᠮᠵᠢ ᠶᠢᠨ ᠨᠡᠶᠢᠲᠡ ᠶᠢᠨ | ᠠᠰᠠᠷᠠᠮᠵᠢ ᠶᠢᠨ ᠳᠡᠮᠵᠢᠯᠭᠡ ᠶᠢᠨ ᠬᠠᠨᠳᠢᠪᠯᠠᠬᠤ ᠶᠣᠰᠣᠯᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠳᠤᠮᠳᠠᠳᠤ ᠤᠯᠤᠰ ᠤᠨ ᠬᠥᠳᠡᠭᠡ | ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ | ᠵᠥᠪᠯᠡᠭᠴᠢ᠂ ᠵᠦᠩ ᠾᠧ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠪ ᠤᠨ ᠨᠠᠷᠢᠨ ᠪᠢᠴᠢᠭ ᠤᠨ | ᠳᠠᠷᠤᠭ᠎ᠠ ᠵᠠᠩ ᠶᠠ ᠵᠢᠩ᠂ ᠵᠦᠩ ᠾᠧ ᠬᠥᠳᠡᠭᠡ ᠲᠣᠰᠬᠤᠨ ᠤ ᠢᠲᠡᠭᠡᠮᠵᠢ ᠶᠢᠨ ᠲᠠᠷᠢᠶᠠᠯᠠᠩ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ | ᠣᠷᠣᠯᠴᠠᠪᠠ᠃ ᠲᠣᠰ ᠤᠳᠠᠭᠠᠨ ᠤ ᠬᠠᠨᠳᠢᠪᠯᠠᠯ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 7 | ᠰᠤᠷᠭᠠᠭᠤᠯᠢ ᠶᠢ ᠬᠠᠮᠤᠷᠴᠤ᠂ 14.24 ᠲᠦᠮᠡᠨ ᠲᠥᠭᠦᠷᠢᠭ ᠤᠨ ᠥᠷᠲᠡᠭ ᠪᠥᠬᠦᠶ ᠬᠠᠶᠢᠷ᠎ᠠ ᠬᠠᠯᠠᠮᠵᠢ ᠶᠢᠨ | ᠪᠠᠭᠯᠠᠭ᠎ᠠ ᠬᠠᠨᠳᠢᠪᠯᠠᠵᠤ᠂ ᠬᠥᠳᠡᠭᠡ ᠲᠣᠰᠬᠤᠨ ᠤ 1424 ᠰᠣᠷᠣᠭᠴᠢ ᠳᠤ ᠠᠰᠢᠭ ᠬᠦᠷᠲᠡᠭᠡᠵᠡᠶ᠃ | | ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠪ ᠤᠨ | ᠨᠠᠷᠢᠨ ᠪᠢᠴᠢᠭ ᠤᠨ ᠳᠠᠷᠤᠭ᠎ᠠ ᠵᠠᠩ ᠶᠠ ᠵᠢᠩ ᠬᠠᠶᠢᠷ᠎ᠠ ᠬᠠᠯᠠᠮᠵᠢ ᠶᠢᠨ ᠪᠠᠭᠯᠠᠭ᠎ᠠ ᠶᠢᠨ ᠲᠦᠷᠦᠯ ᠵᠦᠢᠯ ᠢ ᠡᠭᠦᠰᠭᠡᠭᠰᠡᠨ | ᠠᠬᠤᠢ ᠪᠠᠶᠢᠳᠠᠯ ᠪᠣᠯᠤᠨ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠪᠠ᠂ ᠲᠡᠷᠡ ᠪᠡᠯᠡᠭᠯᠡᠨ ᠬᠦᠷᠭᠡᠭᠳᠡᠭᠰᠡᠨ ᠬᠠᠮᠲᠤ | ᠰᠤᠷᠤᠭᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠯᠴᠠᠯᠭ᠎ᠠ ᠳᠤ ᠣᠷᠣᠯᠴᠠᠵᠤ᠂ ᠰᠣᠷᠣᠭᠰᠠᠨ ᠮᠡᠳᠡᠯᠭᠡ | ᠪᠣᠯᠤᠨ ᠤᠷ᠎ᠠ ᠴᠢᠳᠠᠪᠤᠷᠢ ᠪᠠᠷ ᠢᠶᠠᠨ ᠡᠬᠡ ᠤᠯᠤᠰ ᠲᠠᠭᠠᠨ ᠬᠦᠴᠦ ᠪᠠᠨ ᠡᠷᠭᠦᠵᠦ᠂ ᠨᠡᠶᠢᠭᠡᠮ ᠳᠤ ᠠᠴᠢ | ᠬᠠᠷᠢᠭᠤᠯᠬᠤ ᠶᠢ ᠬᠦᠰᠡᠪᠡ᠃ ᠡᠭᠦᠨ ᠤ ᠬᠠᠮᠲᠤ᠂ ᠬᠡᠦᠬᠡᠳ ᠲᠤ ᠤᠰᠤᠨ ᠪᠤᠳᠤᠭᠲᠤ ᠪᠢᠷ᠂ ᠤᠰᠤᠨ ᠪᠤᠳᠤᠭ᠂ | ᠵᠢᠷᠤᠭ ᠤᠨ ᠪᠢᠷ᠂ ᠥᠩᠭᠡᠲᠦ ᠰᠢᠪᠠᠷ ᠵᠡᠷᠭᠡ ᠰᠤᠷᠤᠯᠭ᠎ᠠ ᠶᠢᠨ ᠬᠡᠷᠡᠭᠰᠡᠯ ᠢ ᠠᠬᠤᠭᠤᠯᠤᠭᠰᠠᠨ ᠬᠠᠶᠢᠷ᠎ᠠ ᠬᠠᠯᠠᠮᠵᠢ ᠶᠢᠨ | ᠪᠣᠭᠤᠳᠠᠯ ᠲᠠᠷᠬᠠᠭᠠᠵᠤ᠂ ᠬᠡᠦᠬᠡᠳ ᠤᠨ ᠪᠣᠳᠠᠲᠠᠢ ᠬᠡᠷᠡᠭᠴᠡᠭᠡ ᠶᠢ ᠦᠨᠡᠨ ᠬᠦ ᠰᠢᠢᠳᠪᠦᠷᠢᠯᠡᠵᠦ᠂ ᠲᠡᠳᠡᠨ ᠳᠤ | ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | | ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠸᠠᠩ ᠠᠨ ᠵᠢᠶ | ᠬᠠᠮᠲᠤ ᠰᠤᠷᠤᠭᠴᠢᠳ ᠢ ᠲᠥᠯᠥᠭᠡᠯᠡᠨ ᠰᠡᠳᠬᠢᠯ ᠳᠣᠭᠳᠣᠯᠤᠨ᠄ ︽ᠡᠳᠡᠭᠡᠷ ᠪᠡᠯᠡᠭ ᠢᠶᠠᠨ ᠰᠠᠶᠢᠲᠤᠷ ᠨᠠᠨᠳᠢᠩᠨᠠᠵᠤ᠂ | ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠠᠪᠠᠭ᠎ᠠ ᠠᠨᠢᠶ᠎ᠠ ᠶᠢᠨ ᠬᠠᠶᠢᠷ᠎ᠠ ᠬᠠᠯᠠᠮᠵᠢ ᠶᠢ | ᠬᠠᠷᠢᠭᠤᠯᠵᠤ᠂ ᠢᠷᠡᠭᠡᠳᠦᠶ ᠳᠤ ᠴᠤ ᠲᠡᠳᠡᠨ ᠲᠠᠢ ᠠᠳᠠᠯᠢ ᠨᠠᠩ ᠣᠯᠠᠨ ᠬᠥᠮᠦᠨ ᠢ ᠬᠠᠪᠰᠤᠷᠬᠤ ᠬᠡᠷᠡᠭᠲᠡᠶ︾ ᠭᠡᠪᠡ᠃ | | ᠵᠦᠩ ᠾᠧ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠪᠥᠷ ᠮᠣᠩᠭᠤᠯ ᠤᠨ ᠣᠷᠣᠨ | ᠪᠦᠰᠡ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠵᠡᠩᠨᠡᠯᠲᠡ ᠶᠢᠨ ᠬᠡᠯᠲᠡᠰ ᠤᠨ ᠡᠷᠬᠢᠯᠡᠭᠴᠢ ᠶᠠᠩ | ᠵᠢᠶᠠᠨ ᠪᠢᠨ᠄ ︽ᠲᠠᠷᠠᠭᠠᠴᠢ ᠶᠢᠨ ᠠᠯᠬᠤᠮ ᠳᠤ᠂ ᠪᠢᠳᠡ ᠬᠡᠦᠬᠡᠳ ᠤᠨ ᠬᠠᠶᠢᠷ᠎ᠠ ᠬᠠᠯᠠᠮᠵᠢ ᠶᠢᠨ ᠪᠠᠭᠯᠠᠭ᠎ᠠ ᠶᠢ | ᠬᠡᠷᠡᠭᠯᠡᠵᠦ ᠪᠠᠶᠢᠭ᠎ᠠ ᠪᠠᠶᠢᠳᠠᠯ ᠵᠢᠴᠢ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠬᠤ ᠶᠢᠨ | ᠬᠠᠮᠲᠤ ᠰᠤᠷᠭᠠᠭᠤᠯᠢ ᠲᠠᠢ ᠨᠢᠭᠲᠠ ᠨᠡᠪᠲᠡᠷᠡᠯᠴᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠣᠶᠢᠯᠠᠭᠠᠵᠤ᠂ ᠭᠠᠷ | ᠬᠤᠯᠪᠣᠨ ᠬᠡᠦᠬᠡᠳ ᠤᠳ ᠲᠤ ᠨᠠᠩ ᠰᠠᠶᠢᠨ ᠦᠰᠦᠨ ᠪᠤᠶᠢᠵᠢᠬᠤ ᠨᠥᠬᠦᠴᠡᠯ ᠢ ᠪᠣᠶ ᠪᠣᠯᠭᠠᠵᠤ ᠥᠭᠭᠦᠨ᠎ᠡ᠃ ᠡᠭᠦᠨ ᠤ | ᠬᠠᠮᠲᠤ᠂ ᠪᠢᠳᠡ ᠪᠠᠰᠠ ᠡᠨᠡ ᠤᠳᠠᠭᠠᠨ ᠤ ᠬᠠᠨᠳᠢᠪᠯᠠᠯ ᠢᠶᠠᠷ ᠳᠠᠮᠵᠢᠭᠤᠯᠤᠨ᠂ ᠨᠠᠩ ᠣᠯᠠᠨ ᠨᠡᠶᠢᠭᠡᠮ ᠤᠨ ᠬᠦᠴᠦᠨ ᠢ | ᠲᠡᠳᠡᠨ ᠠᠪᠴᠢᠷᠠᠵᠤ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠠᠩᠬᠠᠷᠤᠭᠤᠯᠵᠤ᠂ ᠬᠡᠤᠬᠡᠳ ᠤᠳ ᠲᠤ | ᠦᠷᠭᠦᠯᠵᠢᠯᠡᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠨᠠᠩ | ᠰᠠᠶᠢᠨ ᠬᠥᠭᠵᠢᠯᠲᠡ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠵᠡᠶ᠃ | | ᠵᠢᠵᠢᠭ ᠪᠣᠭᠤᠳᠠᠯ ᠶᠡᠭᠡ ᠬᠠᠶᠢᠷ᠎ᠠ ᠬᠠᠯᠠᠮᠵᠢ ᠪᠠᠨ ᠳᠠᠮᠵᠢᠭᠤᠯᠬᠤ᠂ ᠲᠣᠰ ᠤᠳᠠᠭᠠᠨ ᠤ ᠬᠠᠨᠳᠢᠪᠯᠠᠨ ᠬᠦᠷᠭᠡᠬᠦ | ᠠᠵᠢᠯᠯᠠᠭ᠎ᠠ ᠨᠢ ᠬᠠᠯᠠᠭᠤᠨ ᠳᠤᠯᠠᠭᠠᠨ ᠢ ᠳᠠᠮᠵᠢᠭᠤᠯᠵᠤ᠂ ᠬᠦᠰᠡᠯ ᠡᠷᠡᠮᠡᠯᠵᠡᠯ ᠢ ᠪᠣᠶ ᠪᠣᠯᠭᠠᠪᠠ᠃ ᠬᠠᠶᠢᠷ᠎ᠠ | ᠬᠠᠯᠠᠮᠵᠢ ᠶᠢᠨ ᠬᠦᠴᠦᠨ ᠤ ᠦᠷᠭᠦᠯᠵᠢᠯᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ | ᠪᠠᠯᠭᠠᠰᠤᠨ ᠤ ᠡᠯ᠎ᠡ ᠪᠠᠭ᠎ᠠ ᠰᠤᠷᠭᠠᠭᠤᠯᠢ ᠶᠢᠨ ᠬᠡᠦᠬᠡᠳ ᠤᠳ ᠡᠷᠳᠡᠮ ᠮᠡᠳᠡᠯᠭᠡ ᠤᠯᠬᠤ ᠵᠠᠮ ᠢᠶᠠᠷ ᠲᠤᠮᠤ | ᠠᠯᠬᠤᠮ ᠢᠶᠠᠷ ᠤᠷᠤᠭᠰᠢᠯᠠᠵᠤ᠂ ᠰᠠᠶᠢᠨ ᠰᠠᠶᠢᠬᠠᠨ ᠢᠷᠡᠭᠡᠳᠦᠢ ᠪᠠᠨ ᠪᠢᠴᠢᠭᠯᠡᠨ᠎ᠡ︕ | | | | | ᠵᠣᠬᠢᠶᠠᠭᠴᠢ᠄ ᠴᠢᠮᠡᠭᠡᠯᠡᠭᠴᠢ᠄ ᠸᠠᠩ ᠱᠤ᠋ ᠸᠧᠨ᠂ ᠦ᠋ ᠰᠢᠨ ᠢᠦᠢ ︵ᠳᠠᠳᠤᠯᠭ᠎ᠠ︶ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |