ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠢᠯ ᠤᠨ ᠰᠡᠳᠬᠢᠴᠡ ᠪᠠᠨ | ᠥᠷᠭᠡᠳᠬᠡᠬᠦ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠢᠶᠠᠨ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ 1 ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠬᠢᠯᠡᠵᠦ᠂ 320 ᠭᠠᠷᠤᠶ | ᠬᠤᠰᠢᠭᠤ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠵᠢᠴᠢ ᠪᠠᠶᠢᠭᠤᠯᠭ᠎ᠠ ᠶᠢᠨ ᠺᠠᠳ᠋ᠷ ᠪᠣᠯᠪᠠᠰᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ | ᠰᠢᠤ ᠴᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠵᠣᠣ ᠵᠧᠨ ᠯᠢ᠂ ᠵᠠᠩ ᠳ᠋ᠧᠩ ᠹᠧᠩ᠂ ᠴᠢᠨ ᠳ᠋ᠦᠩ ᠼᠠᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠸᠠᠩ ᠬᠤᠩ ᠬᠤᠷᠠᠯ ᠡᠷᠭᠢᠯᠡᠪᠡ᠃ | | ᠵᠠᠩ ᠰᠢᠤ ᠴᠢᠩ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶᠠᠨ ᠳᠠᠭᠠᠨ ᠲᠣᠰ ᠤᠳᠠᠭᠠᠨ ᠤ | ᠪᠣᠯᠪᠠᠰᠤᠷᠠᠭᠤᠯᠤᠯ ᠤᠨ ᠵᠣᠷᠢᠯᠭ᠎ᠠ᠂ ᠱᠠᠭᠠᠷᠳᠠᠯᠭ᠎ᠠ ᠪᠠ ᠰᠤᠷᠤᠯᠴᠠᠬᠤ ᠬᠠᠷᠠᠯᠲᠠ ᠪᠠᠨ ᠴᠢᠬᠤᠯᠠᠴᠢᠯᠠᠭᠰᠠᠨ ᠪᠥᠭᠡᠳ | ᠲᠥᠯᠥᠭᠡᠯᠡᠭᠴᠢᠳ ᠤᠨ ᠲᠣᠰ ᠤᠳᠠᠭᠠᠨ ᠤ ᠪᠣᠯᠪᠠᠰᠤᠷᠠᠭᠤᠯᠤᠯ ᠤᠨ ᠲᠣᠬᠢᠶᠠᠯ ᠢ ᠨᠠᠨᠳᠢᠩᠨᠠᠵᠤ᠂ ᠬᠢᠨᠠᠮᠠᠭᠠᠶ | ᠰᠤᠷᠤᠯᠴᠠᠵᠤ᠂ ᠲᠣᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠦᠨᠡᠨ ᠬᠦ | ᠣᠯᠠᠨ ᠲᠦᠮᠡᠨ ᠤ ᠰᠡᠳᠬᠢᠯ ᠳᠤ ᠬᠦᠷᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢ ᠵᠣᠷᠢᠭᠵᠢᠭᠤᠯᠪᠠ᠃ | ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠠᠰᠠ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠯᠪᠣᠭᠳᠠᠯ ᠪᠥᠬᠦᠶ | ᠣᠯᠠᠨ ᠫᠷᠤᠹᠧᠰᠰᠤᠷ ᠢ ᠲᠤᠰᠬᠠᠶᠢᠯᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠲᠡᠳᠡ ᠲᠤᠰ ᠲᠤᠰ | ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ | ᠶᠡᠭᠡ ᠠᠴᠢ ᠬᠤᠯᠪᠣᠭᠳᠠᠯ ᠪᠠ ᠭᠤᠣᠯ ᠴᠢᠬᠤᠯᠠ ᠠᠭᠤᠯᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ︿ᠵᠢᠷᠭᠤᠭᠠᠨ ᠢᠨᠵᠧᠨᠧᠷᠢᠩ﹀ | ᠢ ᠰᠠᠶᠢᠲᠤᠷ ᠬᠢᠬᠦ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠮᠡᠳᠡᠯᠭᠡ︾ ᠵᠡᠷᠭᠡ ᠭᠤᠣᠯ ᠰᠡᠳᠦᠪ ᠤᠨ | ᠲᠣᠭᠤᠷᠢᠨ ᠳᠤ ᠭᠤᠶᠢᠳᠠ ᠰᠠᠶᠢᠬᠠᠨ ᠬᠢᠴᠢᠶᠡᠯ ᠣᠷᠣᠵᠤ᠂ ᠪᠣᠯᠪᠠᠰᠤᠷᠠᠯ ᠤᠨ ᠬᠤᠷᠠᠯ ᠳᠡᠭᠡᠷ᠎ᠡ ᠪᠠᠰᠠ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ | ᠰᠦᠯᠵᠢᠶᠡᠨ ᠳᠡᠭᠡᠷᠡᠬᠢ ᠪᠣᠯᠪᠠᠰᠤᠷᠠᠯ ᠬᠢᠵᠡᠢ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠠᠭᠤᠯᠭ᠎ᠠ ᠨᠢ ᠪᠠᠶᠠᠯᠢᠭ᠂ ᠲᠣᠬᠢᠷᠠᠭᠤᠯᠤᠯᠲᠠ ᠨᠢ ᠠᠪᠰᠠᠷᠬᠠᠨ᠂ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ | ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢᠶᠠᠨ ᠴᠦ ᠶᠡᠭᠡ ᠪᠠᠷ ᠳᠡᠭᠡᠭᠰᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠨ᠎ᠡ ᠭᠡᠵᠦ ᠢᠲᠡᠭᠡᠵᠦ ᠪᠠᠶᠢᠨ᠎ᠠ᠃ | | | | | ᠵᠣᠬᠢᠶᠠᠭᠴᠢ᠄ ᠰᠦᠨ ᠯᠢ ᠨᠠ | ᠴᠢᠮᠡᠭᠡᠯᠡᠭᠴᠢ᠄ ᠸᠠᠩ ᡁᠢ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |