ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠶᠢᠷ᠎ᠠ ᠬᠠᠯᠠᠮᠵᠢ ᠬᠦᠷᠭᠡᠬᠦ ᠶᠣᠰᠣᠯᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2025/1/3
   1 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠵᠦᠩ ᠾᠧ ᠲᠠᠷᠢᠶᠠᠯᠠᠩ ᠤᠨ ᠢᠲᠡᠭᠡᠮᠵᠢ ᠶᠢᠨ ᠨᠡᠶᠢᠲᠡ ᠶᠢᠨ ᠠᠰᠠᠷᠠᠮᠵᠢ ᠶᠢᠨ ᠳᠡᠮᠵᠢᠯᠭᠡ ᠶᠢᠨ ᠬᠠᠨᠳᠢᠪᠯᠠᠬᠤ ᠶᠣᠰᠣᠯᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠥᠪᠯᠡᠭᠴᠢ᠂ ᠵᠦᠩ ᠾᠧ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠪ ᠤᠨ ᠨᠠᠷᠢᠨ ᠪᠢᠴᠢᠭ ᠤᠨ ᠳᠠᠷᠤᠭ᠎ᠠ ᠵᠠᠩ ᠶᠠ ᠵᠢᠩ᠂ ᠵᠦᠩ ᠾᠧ ᠬᠥᠳᠡᠭᠡ ᠲᠣᠰᠬᠤᠨ ᠤ ᠢᠲᠡᠭᠡᠮᠵᠢ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠬᠠᠨᠳᠢᠪᠯᠠᠯ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 7 ᠰᠤᠷᠭᠠᠭᠤᠯᠢ ᠶᠢ ᠬᠠᠮᠤᠷᠴᠤ᠂ 14.24 ᠲᠦᠮᠡᠨ ᠲᠥᠭᠦᠷᠢᠭ ᠤᠨ ᠥᠷᠲᠡᠭ ᠪᠥᠬᠦᠶ ᠬᠠᠶᠢᠷ᠎ᠠ ᠬᠠᠯᠠᠮᠵᠢ ᠶᠢᠨ ᠪᠠᠭᠯᠠᠭ᠎ᠠ ᠬᠠᠨᠳᠢᠪᠯᠠᠵᠤ᠂ ᠬᠥᠳᠡᠭᠡ ᠲᠣᠰᠬᠤᠨ ᠤ 1424 ᠰᠣᠷᠣᠭᠴᠢ ᠳᠤ ᠠᠰᠢᠭ ᠬᠦᠷᠲᠡᠭᠡᠵᠡᠶ᠃
   ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠪ ᠤᠨ ᠨᠠᠷᠢᠨ ᠪᠢᠴᠢᠭ ᠤᠨ ᠳᠠᠷᠤᠭ᠎ᠠ ᠵᠠᠩ ᠶᠠ ᠵᠢᠩ ᠬᠠᠶᠢᠷ᠎ᠠ ᠬᠠᠯᠠᠮᠵᠢ ᠶᠢᠨ ᠪᠠᠭᠯᠠᠭ᠎ᠠ ᠶᠢᠨ ᠲᠦᠷᠦᠯ ᠵᠦᠢᠯ ᠢ ᠡᠭᠦᠰᠭᠡᠭᠰᠡᠨ ᠠᠬᠤᠢ ᠪᠠᠶᠢᠳᠠᠯ ᠪᠣᠯᠤᠨ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠪᠠ᠂ ᠲᠡᠷᠡ ᠪᠡᠯᠡᠭᠯᠡᠨ ᠬᠦᠷᠭᠡᠭᠳᠡᠭᠰᠡᠨ ᠬᠠᠮᠲᠤ ᠰᠤᠷᠤᠭᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠯᠴᠠᠯᠭ᠎ᠠ ᠳᠤ ᠣᠷᠣᠯᠴᠠᠵᠤ᠂ ᠰᠣᠷᠣᠭᠰᠠᠨ ᠮᠡᠳᠡᠯᠭᠡ ᠪᠣᠯᠤᠨ ᠤᠷ᠎ᠠ ᠴᠢᠳᠠᠪᠤᠷᠢ ᠪᠠᠷ ᠢᠶᠠᠨ ᠡᠬᠡ ᠤᠯᠤᠰ ᠲᠠᠭᠠᠨ ᠬᠦᠴᠦ ᠪᠠᠨ ᠡᠷᠭᠦᠵᠦ᠂ ᠨᠡᠶᠢᠭᠡᠮ ᠳᠤ ᠠᠴᠢ ᠬᠠᠷᠢᠭᠤᠯᠬᠤ ᠶᠢ ᠬᠦᠰᠡᠪᠡ᠃ ᠡᠭᠦᠨ ᠤ ᠬᠠᠮᠲᠤ᠂ ᠬᠡᠦᠬᠡᠳ ᠲᠤ ᠤᠰᠤᠨ ᠪᠤᠳᠤᠭᠲᠤ ᠪᠢᠷ᠂ ᠤᠰᠤᠨ ᠪᠤᠳᠤᠭ᠂ ᠵᠢᠷᠤᠭ ᠤᠨ ᠪᠢᠷ᠂ ᠥᠩᠭᠡᠲᠦ ᠰᠢᠪᠠᠷ ᠵᠡᠷᠭᠡ ᠰᠤᠷᠤᠯᠭ᠎ᠠ ᠶᠢᠨ ᠬᠡᠷᠡᠭᠰᠡᠯ ᠢ ᠠᠬᠤᠭᠤᠯᠤᠭᠰᠠᠨ ᠬᠠᠶᠢᠷ᠎ᠠ ᠬᠠᠯᠠᠮᠵᠢ ᠶᠢᠨ ᠪᠣᠭᠤᠳᠠᠯ ᠲᠠᠷᠬᠠᠭᠠᠵᠤ᠂ ᠬᠡᠦᠬᠡᠳ ᠤᠨ ᠪᠣᠳᠠᠲᠠᠢ ᠬᠡᠷᠡᠭᠴᠡᠭᠡ ᠶᠢ ᠦᠨᠡᠨ ᠬᠦ ᠰᠢᠢᠳᠪᠦᠷᠢᠯᠡᠵᠦ᠂ ᠲᠡᠳᠡᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃
   ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠸᠠᠩ ᠠᠨ ᠵᠢᠶ ᠬᠠᠮᠲᠤ ᠰᠤᠷᠤᠭᠴᠢᠳ ᠢ ᠲᠥᠯᠥᠭᠡᠯᠡᠨ ᠰᠡᠳᠬᠢᠯ ᠳᠣᠭᠳᠣᠯᠤᠨ᠄ ︽ᠡᠳᠡᠭᠡᠷ ᠪᠡᠯᠡᠭ ᠢᠶᠠᠨ ᠰᠠᠶᠢᠲᠤᠷ ᠨᠠᠨᠳᠢᠩᠨᠠᠵᠤ᠂ ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠠᠪᠠᠭ᠎ᠠ ᠠᠨᠢᠶ᠎ᠠ ᠶᠢᠨ ᠬᠠᠶᠢᠷ᠎ᠠ ᠬᠠᠯᠠᠮᠵᠢ ᠶᠢ ᠬᠠᠷᠢᠭᠤᠯᠵᠤ᠂ ᠢᠷᠡᠭᠡᠳᠦᠶ ᠳᠤ ᠴᠤ ᠲᠡᠳᠡᠨ ᠲᠠᠢ ᠠᠳᠠᠯᠢ ᠨᠠᠩ ᠣᠯᠠᠨ ᠬᠥᠮᠦᠨ ᠢ ᠬᠠᠪᠰᠤᠷᠬᠤ ᠬᠡᠷᠡᠭᠲᠡᠶ︾ ᠭᠡᠪᠡ᠃
  ᠵᠦᠩ ᠾᠧ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠵᠡᠩᠨᠡᠯᠲᠡ ᠶᠢᠨ ᠬᠡᠯᠲᠡᠰ ᠤᠨ ᠡᠷᠬᠢᠯᠡᠭᠴᠢ ᠶᠠᠩ ᠵᠢᠶᠠᠨ ᠪᠢᠨ᠄ ︽ᠲᠠᠷᠠᠭᠠᠴᠢ ᠶᠢᠨ ᠠᠯᠬᠤᠮ ᠳᠤ᠂ ᠪᠢᠳᠡ ᠬᠡᠦᠬᠡᠳ ᠤᠨ ᠬᠠᠶᠢᠷ᠎ᠠ ᠬᠠᠯᠠᠮᠵᠢ ᠶᠢᠨ ᠪᠠᠭᠯᠠᠭ᠎ᠠ ᠶᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠬᠤ ᠶᠢᠨ ᠬᠠᠮᠲᠤ ᠰᠤᠷᠭᠠᠭᠤᠯᠢ ᠲᠠᠢ ᠨᠢᠭᠲᠠ ᠨᠡᠪᠲᠡᠷᠡᠯᠴᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠣᠶᠢᠯᠠᠭᠠᠵᠤ᠂ ᠭᠠᠷ ᠬᠤᠯᠪᠣᠨ ᠬᠡᠦᠬᠡᠳ ᠤᠳ ᠲᠤ ᠨᠠᠩ ᠰᠠᠶᠢᠨ ᠦᠰᠦᠨ ᠪᠤᠶᠢᠵᠢᠬᠤ ᠨᠥᠬᠦᠴᠡᠯ ᠢ ᠪᠣᠶ ᠪᠣᠯᠭᠠᠵᠤ ᠥᠭᠭᠦᠨ᠎ᠡ᠃ ᠡᠭᠦᠨ ᠤ ᠬᠠᠮᠲᠤ᠂ ᠪᠢᠳᠡ ᠪᠠᠰᠠ ᠡᠨᠡ ᠤᠳᠠᠭᠠᠨ ᠤ ᠬᠠᠨᠳᠢᠪᠯᠠᠯ ᠢᠶᠠᠷ ᠳᠠᠮᠵᠢᠭᠤᠯᠤᠨ᠂ ᠨᠠᠩ ᠣᠯᠠᠨ ᠨᠡᠶᠢᠭᠡᠮ ᠤᠨ ᠬᠦᠴᠦᠨ ᠢ ᠲᠡᠳᠡᠨ ᠠᠪᠴᠢᠷᠠᠵᠤ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠠᠩᠬᠠᠷᠤᠭᠤᠯᠵᠤ᠂ ᠬᠡᠤᠬᠡᠳ ᠤᠳ ᠲᠤ ᠦᠷᠭᠦᠯᠵᠢᠯᠡᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠦᠵᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠨᠠᠩ ᠰᠠᠶᠢᠨ ᠬᠥᠭᠵᠢᠯᠲᠡ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠵᠡᠶ᠃
   ᠵᠢᠵᠢᠭ ᠪᠣᠭᠤᠳᠠᠯ ᠶᠡᠭᠡ ᠬᠠᠶᠢᠷ᠎ᠠ ᠬᠠᠯᠠᠮᠵᠢ ᠪᠠᠨ ᠳᠠᠮᠵᠢᠭᠤᠯᠬᠤ᠂ ᠲᠣᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠨᠢ ᠬᠠᠯᠠᠭᠤᠨ ᠳᠤᠯᠠᠭᠠᠨ ᠢ ᠳᠠᠮᠵᠢᠭᠤᠯᠵᠤ᠂ ᠬᠦᠰᠡᠯ ᠡᠷᠡᠮᠡᠯᠵᠡᠯ ᠢ ᠪᠣᠶ ᠪᠣᠯᠭᠠᠪᠠ᠃ ᠬᠠᠶᠢᠷ᠎ᠠ ᠬᠠᠯᠠᠮᠵᠢ ᠶᠢᠨ ᠬᠦᠴᠦᠨ ᠤ ᠦᠷᠭᠦᠯᠵᠢᠯᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠡᠯ᠎ᠡ ᠪᠠᠭ᠎ᠠ ᠰᠤᠷᠭᠠᠭᠤᠯᠢ ᠶᠢᠨ ᠬᠡᠦᠬᠡᠳ ᠤᠳ ᠡᠷᠳᠡᠮ ᠮᠡᠳᠡᠯᠭᠡ ᠤᠯᠬᠤ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ᠂ ᠰᠠᠶᠢᠨ ᠰᠠᠶᠢᠬᠠᠨ ᠢᠷᠡᠭᠡᠳᠦᠢ ᠪᠠᠨ ᠪᠢᠴᠢᠭᠯᠡᠨ᠎ᠡ︕       ᠵᠣᠬᠢᠶᠠᠭᠴᠢ᠄ ᠴᠢᠮᠡᠭᠡᠯᠡᠭᠴᠢ᠄ ᠸᠠᠩ ᠱᠤ᠋ ᠸᠧᠨ᠂ ᠦ᠋ ᠰᠢᠨ ᠢᠦᠢ ︵ᠳᠠᠳᠤᠯᠭ᠎ᠠ︶       ᠤᠷᠴᠢᠭᠤᠯᠤᠭᠴᠢ᠄ ᠰᠤᠷᠤᠨ᠎ᠠ       ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号