ᠮᠤᠭᠠᠢ ᠵᠢᠯ ᠤᠨ ᠪᠡᠯᠭᠡ ᠳᠦᠭᠦᠷᠡᠩ ᠰᠤᠷᠭᠠᠭᠤᠯᠢ ᠶᠢᠨ ᠰᠤᠷᠤᠭᠴᠢᠳ ᠪᠠᠶᠠᠷ ᠬᠦᠷ ᠲᠠᠢ ᠪᠠᠷ ᠰᠢᠨ᠎ᠡ ᠵᠢᠯ ᠢᠶᠠᠨ ᠤᠭᠲᠤᠬᠤ - ᠪᠠᠶᠠᠨᠴᠠᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠨ᠎ᠡ ᠵᠢᠯ ᠢ ᠪᠡᠯᠭᠡᠯᠡᠬᠦ ᠰᠢᠷᠢᠰ ᠠᠵᠢᠯᠯᠠᠭ᠎ᠠ
ᠨᠡᠶᠢᠲᠡᠯᠡᠭᠰᠡᠨ ᠴᠠᠭ᠄
2025/1/3
   ᠰᠢᠨ᠎ᠡ ᠵᠢᠯ ᠤᠨ ᠪᠠᠶᠠᠷ ᠢ ᠪᠡᠯᠭᠡᠯᠡᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 12 ᠰᠠᠷ᠎ᠠ ᠶᠢᠨ 31 ᠤ ᠡᠳᠦᠷ᠂ ᠨᠢᠭᠡᠳᠤᠭᠡᠷ ᠪᠠᠭ᠎ᠠ ᠰᠤᠷᠭᠠᠭᠤᠯᠢ ᠠᠩᠭᠢ ᠪᠠᠷ ᠨᠢᠭᠡᠴᠢ ᠪᠣᠯᠭᠠᠨ ︽ᠮᠤᠭᠠᠢ ᠵᠢᠯ ᠤᠨ ᠪᠡᠯᠭᠡ ᠳᠦᠭᠦᠷᠡᠩ ᠰᠤᠷᠭᠠᠭᠤᠯᠢ ᠶᠢᠨ ᠰᠤᠷᠤᠭᠴᠢᠳ ᠪᠠᠶᠠᠷ ᠬᠦᠷ ᠲᠠᠢ ᠪᠠᠷ ᠰᠢᠨ᠎ᠡ ᠵᠢᠯ ᠢᠶᠠᠨ ᠤᠭᠲᠤᠬᠤ︾ ᠭᠡᠬᠦ ᠭᠤᠣᠯ ᠰᠡᠳᠦᠪᠲᠦ ᠨᠠᠶᠢᠷ ᠤᠨ ᠠᠵᠢᠯᠯᠠᠭ᠎ᠠ ᠥᠷᠨᠢᠭᠦᠯᠵᠦ᠂ 2025 ᠤᠨ ᠡᠷᠡᠯᠬᠡᠭᠯᠡᠨ ᠤᠷᠤᠭᠰᠢᠯᠠᠬᠤ ᠨᠠᠶᠢᠷᠠᠯ ᠬᠥᠭᠵᠢᠮ ᠢ ᠬᠠᠮᠲᠤᠪᠠᠷ ᠪᠢᠴᠢᠭᠯᠡᠵᠡᠢ᠃
   ᠨᠠᠶᠢᠷ ᠤᠨ ᠦᠳᠡᠰᠢᠯᠡᠭᠡ ᠠᠴᠠ ᠡᠮᠦᠨ᠎ᠡ᠂ ᠠᠩᠭᠢ ᠨᠢᠭᠡᠪᠦᠷᠢ ᠬᠢᠴᠢᠶᠡᠯ ᠤᠨ ᠭᠡᠷ ᠢᠶᠠᠨ ᠢᠳᠡᠪᠬᠢᠲᠡᠢ ᠪᠠᠶᠢᠷᠢᠯᠠᠭᠤᠯᠵᠤ᠂ ᠬᠠᠷ᠎ᠠ ᠰᠠᠮᠪᠠᠷ᠎ᠠ ᠳᠡᠭᠡᠷ᠎ᠡ ᠪᠠᠶᠠᠷ ᠤᠨ ᠡᠳᠦᠷ ᠤᠨ ᠢᠷᠥᠭᠡᠯ ᠵᠥᠩᠨᠡᠯ ᠢ ᠳᠦᠭᠦᠷᠲᠡᠯ᠎ᠡ ᠪᠢᠴᠢᠵᠦ᠂ ᠬᠡᠶᠢᠲᠦ ᠪᠥᠮᠪᠦᠭᠡ ᠪᠣᠯᠤᠨ ᠥᠩᠭᠡᠲᠦ ᠪᠤᠳᠤᠭ ᠨᠢ ᠬᠠᠮᠲᠤ ᠰᠤᠷᠤᠭᠴᠢᠳ ᠤᠨ ᠭᠠᠷ ᠲᠤ ᠬᠠᠯᠠᠭᠤᠨ ᠳᠤᠯᠠᠭᠠᠨ ᠣᠷᠣᠨ ᠵᠠᠢ ᠲᠠᠢ ᠪᠣᠯᠵᠤ᠂ ᠬᠠᠮᠲᠤ ᠰᠤᠷᠤᠭᠴᠢᠳ ᠤᠨ ᠬᠢᠴᠢᠶᠡᠯ ᠤᠨ ᠰᠢᠷᠡᠭᠡ ᠨᠢ ᠵᠡᠭᠦᠳᠦ ᠵᠡᠷᠭᠡᠯᠭᠡᠨ ᠤ ᠲᠠᠪᠴᠠᠩ ᠪᠣᠯᠵᠤ᠂ ᠰᠤᠯᠠ ᠢᠳᠡᠭᠡᠨ᠂ ᠨᠠᠷᠠᠨ ᠬᠤᠸᠠᠷ ᠤᠨ ᠦᠷ᠎ᠡ᠂ ᠵᠢᠮᠢᠰ ᠪᠣᠯᠤᠨ ᠤᠮᠳᠠᠭᠠᠨ ᠵᠡᠷᠭᠡ ᠲᠠᠯ᠎ᠠ ᠪᠠᠷ ᠬᠠᠮᠲᠤ ᠰᠤᠷᠤᠭᠴᠢ ᠨᠢᠭᠡᠪᠦᠷᠢ ᠶᠢᠨ ᠪᠠᠶᠠᠷ ᠪᠠᠶᠠᠰᠤᠯ ᠢ ᠲᠠᠲᠠᠵᠤ ᠪᠠᠶᠢᠪᠠ᠃
   ᠠᠵᠢᠯᠯᠠᠭ᠎ᠠ ᠶᠢᠨ ᠳᠤᠮᠳᠠ᠂ ᠡᠯ᠎ᠡ ᠠᠩᠭᠢ ᠪᠠᠰᠠ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ᠂ ᠤᠷᠠᠨ ᠳᠠᠷᠬᠠᠨ ᠤ ᠰᠡᠳᠬᠢᠯ ᠭᠠᠭᠴᠠᠭᠠᠷ ᠢᠶᠠᠨ ᠠᠯᠢ ᠣᠯᠠᠨ ᠲᠣᠭᠯᠠᠯᠲᠠ ᠭᠠᠷᠭᠠᠵᠤ᠂ ᠰᠤᠷᠤᠭᠴᠢᠳ ᠥᠪᠡᠷ ᠤᠨ ᠴᠤᠭ ᠵᠢᠪᠬᠤᠭ᠎ᠠ ᠪᠠᠨ ᠡᠷᠡᠭᠲᠡᠶ ᠪᠠᠷ ᠢᠯᠡᠷᠡᠭᠦᠯᠵᠦ᠂ ᠪᠠᠭ᠎ᠠ ᠨᠠᠰᠤᠨ ᠤ ᠠᠮᠢᠵᠢᠷᠠᠯ ᠤᠨ ᠬᠦᠴᠦᠨ ᠪᠠ ᠷᠢᠳᠢ ᠰᠢᠳᠢ ᠶᠢ ᠪᠠᠳᠠᠷᠠᠭᠤᠯᠵᠤ᠂ ᠲᠡᠳᠡᠨ ᠤ ᠤᠷᠠᠨ ᠰᠠᠶᠢᠬᠠᠨ ᠵᠠᠯᠠᠭᠤ ᠨᠠᠰᠤ ᠪᠠᠨ ᠪᠦᠷᠢᠨ ᠲᠡᠭᠦᠯᠳᠡᠷ ᠲᠣᠭᠯᠠᠪᠠ᠃ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠳᠠᠭᠤᠤ᠂ ᠭᠤᠶᠢᠳᠠ ᠰᠠᠶᠢᠬᠠᠨ ᠪᠥᠵᠢᠭ᠂ ᠠᠮᠢᠳᠤᠯᠢᠭ ᠣᠬᠤᠷ ᠵᠦᠴᠦᠭᠡ᠂ ᠱᠤᠭ ᠶᠠᠷᠢᠶ᠎ᠠ ᠪᠠ ᠭᠤᠶᠢᠳᠠ ᠰᠠᠶᠢᠬᠠᠨ ᠬᠡᠩᠭᠡᠷᠭᠡ ᠶᠢᠨ ᠲᠣᠭᠯᠠᠯᠲᠠ ᠨᠢ ᠲᠣᠭᠯᠠᠯᠲᠠ ᠨᠢᠭᠡᠪᠦᠷᠢ ᠳᠤ ᠴᠥᠮ ᠥᠪᠡᠷᠮᠢᠴᠡ ᠷᠢᠳᠢ ᠰᠢᠳᠢ ᠲᠠᠢ ᠪᠠᠶᠢᠵᠤ᠂ ᠪᠦᠬᠦ᠋ᠢᠯᠡ ᠠᠵᠢᠯᠯᠠᠭ᠎ᠠ ᠨᠢ ᠭᠤᠶᠢᠳᠠ ᠰᠠᠶᠢᠬᠠᠨ ᠪᠠᠶᠢᠳᠠᠭ᠃ ᠲᠣᠭᠯᠠᠯᠲᠠ ᠰᠤᠨᠢᠷᠬᠠᠬᠤ ᠵᠠᠪᠰᠠᠷ ᠲᠤ᠂ ᠡᠯ᠎ᠡ ᠠᠩᠭᠢ ᠪᠠᠰᠠ ᠭᠤᠶᠢᠳᠠ ᠰᠠᠶᠢᠬᠠᠨ ᠲᠣᠭᠯᠠᠭᠠᠮ ᠤᠨ ᠭᠤᠭᠴᠤᠭ᠎ᠠ ᠬᠠᠪᠴᠢᠭᠤᠯᠪᠠ᠂ ᠡᠨᠡ ᠪᠣᠯ ᠪᠠᠭᠰᠢ ᠰᠤᠷᠤᠭᠴᠢᠳ ᠤᠨ ᠬᠠᠮᠲᠤ ᠪᠠᠷ ᠣᠷᠣᠯᠴᠠᠭᠰᠠᠨ ᠪᠠᠶᠠᠷ ᠪᠠᠶᠠᠰᠤᠯ ᠤᠨ ᠴᠠᠭ ᠮᠥᠴᠡ ᠪᠣᠯᠤᠨ᠎ᠠ᠃ ᠬᠠᠮᠲᠤ ᠰᠤᠷᠤᠭᠴᠢᠳ ᠡᠳᠡᠭᠡᠷ ᠭᠠᠷᠮᠠᠭᠠᠢ ᠲᠣᠭᠯᠠᠯᠲᠠ ᠪᠠᠷ ᠳᠠᠮᠵᠢᠨ᠂ ᠰᠢᠨ᠎ᠡ ᠵᠢᠯ ᠤᠨ ᠴᠢᠩ ᠰᠡᠳᠬᠢᠯ ᠤᠨ ᠵᠥᠩᠨᠡᠯ ᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠢᠷᠡᠭᠡᠳᠦᠢ ᠶᠢᠨ ᠭᠡᠭᠡᠨ ᠰᠠᠷᠠᠭᠤᠯ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢᠶᠠᠨ ᠢᠯᠡᠳᠬᠡᠵᠡᠢ᠃
   ᠴᠠᠭ ᠮᠥᠴᠡ ᠬᠥᠭᠵᠢᠨ ᠮᠠᠨᠳᠤᠵᠤ᠂ ᠭᠡᠷᠡᠯ ᠰᠠᠴᠤᠷᠠᠩᠭᠤᠢ ᠴᠠᠭᠠᠨ ᠰᠠᠷ᠎ᠠ ᠶᠢ ᠤᠭᠲᠤᠨ᠎ᠠ᠃ ᠲᠣᠰ ᠤᠳᠠᠭᠠᠨ ᠤ ᠰᠢᠨ᠎ᠡ ᠵᠢᠯ ᠤᠨ ᠪᠠᠶᠠᠷ ᠤᠨ ᠦᠳᠡᠰᠢᠯᠡᠭᠡ ᠶᠢ ᠥᠷᠨᠢᠭᠦᠯᠦᠭᠰᠡᠨ ᠨᠢ ᠬᠠᠮᠲᠤ ᠰᠤᠷᠤᠭᠴᠢᠳ ᠤᠨ ᠰᠤᠷᠭᠠᠭᠤᠯᠢ ᠶᠢᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠠᠮᠲᠤ ᠰᠤᠷᠤᠭᠴᠢᠳ ᠤᠨ ᠬᠤᠭᠤᠷᠣᠨᠳᠣᠬᠢ᠂ ᠪᠠᠭᠰᠢ ᠰᠤᠷᠤᠭᠴᠢᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠠᠬᠢᠭᠤᠯᠪᠠ᠃ ᠰᠢᠨ᠎ᠡ ᠨᠢᠭᠡ ᠵᠢᠯ ᠳᠣᠲᠣᠷ᠎ᠠ ᠪᠠᠢ ᠢ ᠪᠠᠭ᠎ᠠ ᠵᠠᠩᠵᠤᠨ ᠦᠷᠭᠦᠯᠵᠢᠯᠡᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠥᠷᠢᠰᠥᠯᠳᠦᠭᠡᠨ ᠢ ᠤᠭᠲᠤᠵᠤ᠂ ᠰᠠᠯᠬᠢ ᠳᠠᠪᠠᠯᠭᠠᠨ ᠢ ᠵᠦᠰᠦᠨ ᠤᠷᠤᠭᠰᠢᠯᠠᠵᠤ᠂ ᠨᠢᠭᠡ ᠵᠠᠮ ᠤᠷᠤᠭᠰᠢᠯᠠᠨ᠎ᠠ︕                                        ᠤᠷᠴᠢᠭᠤᠯᠤᠭᠴᠢ᠄ ᠡᠷᠳᠡᠨᠢᠴᠢᠮᠡᠭ                                    ᠬᠢᠨᠠᠭᠴᠢ᠄ ᠰᠤᠷᠤᠨ᠎ᠠ
 
ᠢᠷᠡᠯᠲᠡ᠄ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号