ᠯᠤᠤ ᠵᠢᠯ ᠢᠶᠠᠨ ᠦᠳᠡᠵᠦ ᠰᠢᠨ᠎ᠡ ᠠᠶᠠᠨ ᠢᠶᠠᠨ ᠡᠬᠢᠯᠡᠭᠦᠯᠤᠶᠡ᠃ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ᠂ | ᠬᠤᠩᠬᠢᠯᠲᠦ ᠪᠠᠯᠭᠠᠰᠤᠨ ᠳᠤ ᠰᠢᠨ᠎ᠡ ᠵᠢᠯ ᠢ ᠤᠭᠲᠤᠬᠤ ᠵᠢᠴᠢ ᠪᠥᠬᠦ ᠪᠠᠯᠭᠠᠰᠤᠨ ᠤ ᠴᠠᠶᠢᠯᠠᠯᠭ᠎ᠠ ᠶᠢᠨ ᠠᠵᠢᠯᠯᠠᠭ᠎ᠠ | ᠥᠷᠨᠢᠭᠦᠯᠵᠦ᠂ ᠪᠥᠬᠦ ᠪᠠᠯᠭᠠᠰᠤᠨ ᠤ ᠺᠠᠳ᠋ᠷ ᠣᠯᠠᠨ ᠲᠦᠮᠡᠨ ᠴᠤᠭᠯᠠᠷᠠᠵᠤ᠂ ᠬᠥᠭᠵᠢᠯᠲᠡ ᠶᠢ ᠬᠠᠮᠲᠤ ᠪᠠᠷ ᠶᠠᠷᠢᠯᠴᠠᠵᠤ᠂ | ᠰᠢᠨ᠎ᠡ ᠵᠢᠯ ᠢ ᠬᠠᠮᠲᠤ ᠪᠠᠷ ᠤᠭᠲᠤᠪᠠ᠃ | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠳ᠋ᠧᠩ ᠠᠰᠠᠭᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ | ᠪᠢᠯᠬᠠᠨ᠎ᠠ᠃ ᠺᠠᠳ᠋ᠷ ᠤᠯᠠᠨ ᠲᠦᠮᠡᠨ ᠬᠦᠷᠢᠶᠡᠯᠡᠨ ᠰᠠᠭᠤᠵᠤ᠂ ᠰᠢᠷᠡᠭᠡᠨ ᠳᠡᠭᠡᠷ᠎ᠡ ᠡᠯ᠎ᠡ ᠵᠦᠢᠯ ᠤᠨ ᠵᠢᠮᠢᠰ᠂ ᠴᠠᠢ ᠪᠠ | ᠪᠤᠭᠤᠷᠰᠤᠭ ᠢᠶᠠᠷ ᠳᠦᠭᠦᠷᠴᠦ᠂ ᠤᠯᠠᠨ ᠢᠶᠠᠷ ᠢᠶᠠᠨ ᠪᠠᠶᠠᠷᠯᠠᠨ ᠢᠨᠢᠶᠡᠯᠴᠡᠵᠦ᠂ ᠪᠠᠶᠠᠷ ᠬᠦᠷ ᠢᠶᠠᠷ ᠪᠢᠯᠬᠠᠨ᠎ᠠ᠃ | ᠪᠠᠯᠭᠠᠰᠤᠨ ᠤ ᠤᠳᠤᠷᠢᠳᠤᠯᠭ᠎ᠠ ᠡᠩ ᠲᠡᠷᠢᠭᠦᠨ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠰᠢᠨ᠎ᠡ | ᠵᠢᠯ ᠤᠨ ᠪᠠᠶᠠᠷ ᠤᠨ ᠦᠭᠡ ᠬᠡᠯᠡᠵᠦ᠂ ᠥᠩᠭᠡᠷᠡᠭᠰᠡᠨ ᠨᠢᠭᠡ ᠵᠢᠯ ᠤᠨ ᠪᠦᠬᠦ ᠪᠠᠯᠭᠠᠰᠤᠨ ᠤ ᠠᠵᠤ ᠠᠬᠤᠢ ᠶᠢᠨ | ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠪᠦᠬᠦ ᠺᠠᠳ᠋ᠷ | ᠤᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ | ᠢᠯᠡᠳᠬᠡᠬᠦ ᠶᠢᠨ ᠬᠠᠮᠲᠤ ᠰᠢᠨ᠎ᠡ ᠨᠢᠭᠡ ᠵᠢᠯ ᠤᠨ ᠠᠵᠢᠯ ᠤᠨ ᠬᠠᠷᠠᠯᠲᠠ ᠪᠣᠯᠤᠨ ᠬᠥᠭᠵᠢᠯᠲᠡ ᠶᠢᠨ ᠴᠢᠭᠯᠡᠯ ᠢᠶᠠᠨ | ᠢᠯᠡᠳᠬᠡᠵᠦ᠂ ᠤᠯᠠᠨ ᠢ ᠵᠣᠷᠢᠭᠵᠢᠭᠤᠯᠤᠨ ᠰᠢᠨ᠎ᠡ ᠠᠶᠠᠨ ᠵᠠᠮ ᠳᠤ ᠦᠷᠭᠦᠯᠵᠢᠯᠡᠨ ᠪᠦᠯᠬᠦᠮᠳᠡᠨ ᠲᠡᠮᠡᠴᠡᠵᠦ᠂ | ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠯᠭᠠᠪᠠ᠃ | ᠴᠠᠶᠢᠯᠠᠯᠭ᠎ᠠ ᠶᠢᠨ ᠬᠤᠷᠠᠯ ᠳᠡᠭᠡᠷ᠎ᠡ᠂ ᠤᠯᠠᠨ ᠲᠦᠮᠡᠨ ᠤ ᠲᠥᠯᠥᠭᠡᠯᠡᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ | ᠥᠩᠭᠡᠷᠡᠭᠰᠡᠨ ᠨᠢᠭᠡ ᠵᠢᠯ ᠤᠨ ᠥᠪᠡᠷ ᠤᠨ ᠠᠮᠢᠳᠤᠷᠠᠯ ᠤᠨ ᠰᠢᠨ᠎ᠡ ᠬᠤᠪᠢᠷᠠᠯᠲᠠ ᠶᠢ ᠬᠤᠪᠢᠶᠠᠯᠴᠠᠵᠤ᠂ | ᠲᠠᠷᠢᠶᠠᠯᠠᠩ ᠤᠨ ᠡᠯᠪᠡᠭ ᠬᠤᠷᠢᠶᠠᠯᠲᠠ ᠠᠴᠠ ᠭᠡᠷ ᠪᠦᠯᠢ ᠶᠢᠨ ᠣᠷᠣᠯᠭ᠎ᠠ ᠨᠡᠮᠡᠭᠳᠡᠵᠦ᠂ ᠣᠷᠣᠨ ᠰᠠᠭᠤᠴᠠ ᠶᠢᠨ | ᠣᠷᠴᠢᠨ ᠲᠣᠭᠤᠷᠢᠨ ᠰᠠᠶᠢᠵᠢᠷᠠᠭᠰᠠᠨ ᠠᠴᠠ ᠦᠷ᠎ᠡ ᠬᠡᠦᠬᠡᠳ ᠤᠨ ᠰᠤᠷᠭᠠᠨ ᠬᠥᠮᠦᠵᠢᠯ ᠲᠠᠪᠰᠢᠯᠳᠠ ᠪᠣᠯᠲᠠᠯ᠎ᠠ᠂ | ᠪᠣᠷᠣᠭᠵᠢᠭᠤᠨ ᠦᠭᠡ ᠠᠴᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠲᠠᠯᠠᠷᠬᠠᠯ ᠪᠠ ᠬᠦᠰᠡᠯ ᠡᠷᠡᠮᠡᠯᠵᠡᠯ ᠳᠦᠭᠦᠷᠡᠩ | ᠪᠠᠶᠢᠨ᠎ᠠ᠃ ᠤᠯᠠᠨ ᠢᠶᠠᠷ ᠢᠶᠠᠨ ᠪᠠᠰᠠ ᠪᠠᠯᠭᠠᠰᠤᠨ ᠤ ᠬᠥᠭᠵᠢᠯᠲᠡ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠵᠤ᠂ ᠠᠵᠤ ᠦᠢᠯᠡᠰ ᠤᠨ ᠬᠥᠭᠵᠢᠯᠲᠡ᠂ ᠰᠣᠶᠣᠯ ᠤᠨ ᠪᠠᠶᠢᠭᠤᠯᠤᠯᠲᠠ᠂ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠮᠠᠰᠢ ᠤᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ | ᠳᠤᠷᠠᠳᠴᠤ᠂ ᠪᠠᠯᠭᠠᠰᠤᠨ ᠤ ᠺᠠᠳ᠋ᠷᠴᠤᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠭᠲᠠ ᠲᠡᠮᠳᠡᠭᠯᠡᠬᠦ ᠶᠢᠨ ᠬᠠᠮᠲᠤ | ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠥᠭᠡᠳ ᠡᠶ᠎ᠡ ᠨᠠᠶᠢᠷᠲᠠᠢ ᠪᠣᠯᠪᠠ᠃ | | | | | | | | | | | | | | | | | ᠳᠠᠷᠠᠭ᠎ᠠ ᠨᠢ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠠᠵᠢᠯᠯᠠᠭ᠎ᠠ ᠶᠢ ᠣᠷᠭᠢᠯ ᠳᠤ ᠨᠢ | ᠬᠦᠷᠭᠡᠪᠡ᠃ ᠠᠷᠠᠳ ᠤᠨ ᠤᠷᠠᠯᠢᠭᠴᠢᠳ ᠤᠨ ᠠᠪᠴᠢᠷᠠᠭᠰᠠᠨ ᠤᠯᠠᠮᠵᠢᠯᠠᠯᠲᠤ ᠬᠤᠶᠠᠷ ᠬᠥᠮᠦᠨ ᠤ ᠲᠠᠭᠤᠤ ᠪᠦᠵᠢᠭ᠂ | ᠬᠥᠭᠵᠢᠮ᠂ ᠢᠷᠠᠭᠤ ᠰᠠᠶᠢᠬᠠᠨ ᠠᠯᠬᠤᠭ᠎ᠠ᠂ ᠢᠷᠠᠭᠤ ᠰᠠᠶᠢᠬᠠᠨ ᠳᠠᠭᠤᠤ ᠶᠢᠨ ᠠᠶᠠᠰ᠂ ᠭᠦᠨ ᠵᠤᠵᠠᠭᠠᠨ ᠠᠷᠠᠳ ᠤᠨ | ᠵᠠᠩ ᠦᠢᠯᠡ ᠶᠢ ᠢᠯᠡᠷᠡᠭᠦᠯᠵᠦ᠂ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ ᠣᠯᠪᠠ︔ ᠪᠠᠰᠠ ᠲᠣᠰᠬᠤᠨ ᠤ ᠠᠷᠠᠳ ᠤᠨ | ᠥᠪᠡᠷ ᠢᠶᠠᠨ ᠨᠠᠶᠢᠷᠠᠭᠤᠯᠵᠤ ᠲᠣᠭᠯᠠᠭᠰᠠᠨ ᠱᠤᠭ ᠵᠦᠴᠦᠭᠡ᠂ ᠦᠭᠡ ᠶᠠᠷᠢᠶᠠᠨ ᠤ ᠲᠤᠭᠯᠠᠯᠲᠠ ᠪᠠᠶᠢᠵᠤ᠂ ᠱᠤᠭ | ᠶᠦᠮᠦᠷᠯᠢᠭ ᠬᠡᠯᠪᠡᠷᠢ ᠪᠠᠷ ᠬᠥᠳᠡᠭᠡ ᠲᠣᠰᠬᠤᠨ ᠤ ᠠᠮᠢᠳᠤᠷᠠᠯ ᠤᠨ ᠳᠤᠮᠳᠠᠬᠢ ᠰᠣᠨᠢᠷᠬᠠᠯᠲᠠᠢ ᠶᠠᠪᠤᠳᠠᠯ ᠪᠣᠯᠣᠨ | ᠬᠤᠪᠢᠷᠠᠯᠲᠠ ᠶᠢ ᠲᠣᠭᠯᠠᠵᠤ᠂ ᠲᠠᠯᠠᠪᠠᠢ ᠳᠠᠶᠠᠭᠠᠷ ᠴᠤᠤᠷᠢᠶᠠᠲᠤᠪᠠ︔ ᠲᠣᠰᠬᠤᠨ ᠤ ᠠᠷᠠᠳ ᠤᠨ ᠵᠥᠪᠯᠡᠯ ᠨᠢᠭᠡᠪᠦᠷᠢ | ᠴᠤ ᠭᠡᠰᠡᠨ ᠪᠥᠵᠢᠭ ᠪᠣᠯᠣᠨ ᠤᠷᠠᠨ ᠤᠩᠰᠢᠯᠭ᠎ᠠ ᠶᠢᠨ ᠲᠣᠭᠯᠠᠯᠲᠠ ᠭᠠᠷᠭᠠᠵᠤ᠂ ᠤᠯᠠᠨ ᠳᠤ ᠪᠠᠶᠠᠷ ᠪᠠᠶᠠᠰᠤᠯ ᠪᠠ | ᠬᠦᠰᠡᠯ ᠡᠷᠡᠮᠡᠯᠵᠡᠯ ᠢ ᠠᠪᠴᠢᠷᠠᠵᠤ ᠥᠭᠪᠡ᠃ | | ᠲᠣᠰ ᠤᠳᠠᠭᠠᠨ ᠤ ᠴᠠᠶᠢᠯᠠᠯᠭ᠎ᠠ ᠶᠢᠨ ᠠᠵᠢᠯᠯᠠᠭ᠎ᠠ ᠨᠢ ᠪᠥᠬᠦ ᠪᠠᠯᠭᠠᠰᠤᠨ ᠤ ᠺᠠᠳ᠋ᠷ ᠣᠯᠠᠨ ᠲᠦᠮᠡᠨ ᠤ ᠣᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠰᠣᠯᠢᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠠᠶᠠᠷ ᠬᠥᠷ ᠲᠠᠢ ᠥᠯᠵᠡᠶ ᠪᠡᠯᠭᠡ ᠲᠠᠢ᠂ | ᠢᠳᠡᠪᠬᠢᠲᠡᠶ ᠪᠠᠷ ᠥᠭᠡᠳᠡᠯᠡᠨ ᠳᠠᠪᠰᠢᠬᠤ ᠰᠢᠨ᠎ᠡ ᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ ᠨᠢᠭᠡ | ᠵᠢᠯ ᠤᠨ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠳᠤ ᠬᠥᠮᠦᠰ ᠤᠨ ᠰᠡᠳᠬᠢᠯ ᠢ | ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠪᠠ᠃ ᠰᠢᠨ᠎ᠡ ᠨᠢᠭᠡᠨ ᠵᠢᠯ ᠳᠤ᠂ ᠬᠤᠩᠭᠢᠯᠲᠤ ᠪᠠᠯᠭᠠᠰᠤ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠨᠡᠩ ᠵᠣᠯ | ᠵᠢᠷᠭᠠᠯᠲᠤ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠨ᠎ᠠ᠃ | | | | | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |