ᠤᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠥᠷᠯᠥᠭᠡᠨ ᠤ ᠵᠠᠬ᠎ᠠ ᠳᠡᠯᠭᠡᠭᠦᠷ ᠤᠨ ᠡᠯᠧᠺᠲᠷᠣᠨ ᠵᠢᠩᠯᠡᠭᠦᠷ ᠢ ᠬᠡᠷᠡᠭᠯᠡᠵᠦ ᠪᠠᠶᠢᠭ᠎ᠠ | ᠪᠠᠶᠢᠳᠠᠯ ᠢ ᠬᠢᠨᠠᠨ ᠪᠠᠢᠴᠠᠭᠠᠪᠠ᠃ | | | | | | | ᠬᠠᠤᠯᠢ ᠬᠡᠷᠡᠭᠵᠢᠭᠦᠯᠬᠦ ᠠᠵᠢᠯᠲᠠᠨ ᠡᠩ ᠲᠡᠷᠢᠭᠦᠨ ᠳᠤ ᠵᠠᠬ᠎ᠠ ᠳᠡᠯᠭᠡᠭᠦᠷ ᠤᠨ ᠭᠤᠤᠯᠴᠢ ᠵᠢᠩᠯᠡᠭᠦᠷ ᠤᠨ | ᠬᠡᠷᠡᠭᠯᠡᠯᠲᠡ ᠵᠢᠴᠢ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠳᠠᠷᠠᠭ᠎ᠠ ᠨᠢ ᠥᠷᠯᠥᠭᠡ ᠶᠢᠨ ᠵᠠᠬ᠎ᠠ | ᠳᠡᠯᠭᠡᠭᠦᠷ ᠤᠨ ᠡᠯᠧᠺᠲᠷᠤᠨ ᠵᠢᠩᠯᠡᠭᠦᠷ ᠤᠨ ᠬᠡᠷᠡᠭᠯᠡᠯᠲᠡ ᠡᠵᠡᠩᠨᠡᠯᠲᠡ ᠶᠢᠨ ᠡᠷᠦᠬᠡ ᠶᠢ ᠭᠤᠤᠯᠳᠠᠯᠭ᠎ᠠ ᠲᠠᠢ | ᠪᠠᠶᠢᠴᠠᠭᠠᠵᠤ᠂ ᠮᠢᠬᠠᠨ ᠤ ᠵᠤᠶᠢᠯ᠂ ᠵᠢᠮᠢᠰ ᠨᠣᠭᠤᠭ᠎ᠠ᠂ ᠬᠤᠯᠢᠰᠢᠨ ᠢᠳᠡᠭᠡᠨ᠂ ᠠᠮᠲᠠ ᠣᠷᠣᠭᠤᠯᠬᠤ ᠡᠳ᠋ ᠵᠡᠷᠭᠡ | ᠳᠡᠯᠭᠡᠭᠡ ᠮᠠᠶᠢᠮᠠᠶ ᠶᠢᠨ ᠣᠷᠣ ᠶᠢᠨ ᠡᠯᠧᠺᠲᠷᠤᠨ ᠵᠢᠩᠯᠡᠭᠦᠷ ᠲᠤ ᠨᠢᠭᠡᠳ ᠨᠢᠭᠡ ᠪᠠᠷ ᠪᠠᠶᠢᠴᠠᠭᠠᠯᠲᠠ ᠬᠢᠵᠦ᠂ | ᠡᠯᠧᠺᠲᠷᠤᠨ ᠵᠢᠩᠯᠡᠭᠦᠷ ᠲᠤ ᠬᠡᠷᠡᠭᠯᠡᠭᠰᠡᠨ ᠥᠬᠡᠶ᠂ ᠰᠢᠯᠭᠠᠨ ᠲᠣᠭᠲᠠᠭᠠᠯᠲᠠ ᠨᠢ ᠬᠢᠷᠢ ᠲᠡᠩᠴᠡᠭᠰᠡᠨ ᠥᠬᠡᠶ ᠪᠤᠶᠤ | ᠰᠢᠯᠭᠠᠨ ᠲᠣᠭᠲᠠᠭᠠᠬᠤ ᠦᠶᠡᠯᠡᠯ ᠤᠨ ᠬᠤᠭᠤᠴᠠᠭ᠎ᠠ ᠠᠴᠠ ᠬᠡᠲᠦᠷᠡᠭᠰᠡᠨ ᠡᠯᠧᠺᠲᠷᠤᠨ ᠵᠢᠩᠯᠡᠭᠦᠷ ᠢ ᠬᠡᠷᠡᠭᠯᠡᠭᠰᠡᠨ ᠡᠰᠡᠬᠦ᠂ | ︽ᠵᠢᠩ ᠯᠠᠩ ᠨᠢ ᠳᠤᠲᠠᠭᠤ︾ ᠪᠠᠷ ᠦᠨ᠎ᠡ ᠪᠤᠳᠤᠬᠤ ᠵᠢᠩᠯᠡᠭᠦᠷ ᠢ ᠠᠰᠢᠭᠯᠠᠨ ᠬᠡᠷᠡᠭᠯᠡᠭᠴᠢᠳ ᠢ ᠮᠡᠬᠡᠯᠡᠭᠰᠡᠨ ᠵᠡᠷᠭᠡ | ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ | ᠦᠵᠡᠪᠡ᠃ | | | | | | | | ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 4 ᠬᠥᠮᠦᠨ ᠤᠳᠠᠭ᠎ᠠ ᠭᠠᠷᠭᠠᠵᠤ᠂ 60 ᠭᠠᠷᠤᠶ ᠳᠡᠯᠭᠡᠭᠦᠷ ᠢ | ᠪᠠᠶᠢᠴᠠᠭᠠᠵᠤ᠂ ᠶᠡᠷᠦᠩᠬᠡᠶ ᠦᠷ᠎ᠡ ᠳ᠋ᠦᠩ ᠨᠢ ᠨᠡᠯᠢᠶᠡᠳ ᠰᠠᠶᠢᠨ ᠪᠠᠶᠢᠨ᠎ᠠ᠃ | | | | | | | | | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ | ᠳᠢᠭᠯᠢᠮ ᠢ ᠬᠠᠮᠠᠭᠠᠯᠠᠬᠤ ᠳᠤᠮᠳᠠᠬᠢ ᠬᠡᠮᠵᠢᠯᠲᠡ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠯᠧᠺᠲᠷᠤᠨ | ᠦᠨ᠎ᠡ ᠪᠤᠳᠤᠬᠤ ᠵᠢᠩᠯᠡᠭᠦᠷ ᠤᠨ ᠦᠶᠡᠯᠡᠯ ᠤᠨ ᠬᠤᠭᠤᠴᠠᠭᠠᠨ ᠤ ᠰᠢᠯᠭᠠᠨ ᠲᠣᠭᠲᠠᠭᠠᠯᠲᠠ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠪᠠ ᠲᠤᠰᠬᠠᠶ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ ᠵᠡᠷᠭᠡ | ᠭᠤᠤᠯᠳᠠᠯᠭ᠎ᠠ ᠲᠠᠢ ᠲᠠᠯᠠᠪᠤᠷ ᠤᠨ ᠡᠯᠧᠺᠲᠷᠤᠨ ᠵᠢᠩᠯᠡᠭᠦᠷ ᠢᠶᠠᠷ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ︽ᠵᠢᠩ ᠳᠤᠲᠠᠭᠤ ᠬᠤᠶᠠᠷ︾ ᠵᠡᠷᠭᠡ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠷᠬᠡ ᠲᠡᠭᠰᠢ ᠥᠷᠢᠰᠥᠯᠳᠦᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠶᠡᠬᠡᠪᠡᠷ ᠬᠠᠮᠠᠭᠠᠯᠠᠵᠤ᠂ ᠬᠡᠷᠡᠭᠯᠡᠭᠴᠢᠳ ᠲᠤ ᠡᠷᠬᠡ ᠲᠡᠭᠰᠢ ᠲᠥᠪ ᠭᠤᠤᠯᠴᠢ᠂ | ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | | | | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | |