1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠴᠠᠭᠠᠨ ᠢᠳᠡᠭᠡᠨ ᠤ ᠵᠢᠵᠢᠭ ᠪᠠᠯᠭᠠᠰᠤᠨ ᠳᠤ ᠬᠦᠷᠴᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ | ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠾᠧᠦ ᠵᠢᠶᠦ᠋ᠨ ᠢᠦᠶ ᠴᠠᠭᠠᠨ ᠢᠳᠡᠭᠡᠨ ᠤ ᠵᠢᠵᠢᠭ | ᠪᠠᠯᠭᠠᠰᠤᠨ ᠤ ᠦᠢᠯᠡᠳᠪᠦᠷᠢ ᠶᠢᠨ ᠪᠠᠶᠢᠰᠢᠩ ᠤᠨ ᠪᠥᠲᠥᠭᠡᠨ ᠪᠠᠶᠢᠭᠤᠯᠤᠯᠲᠠ᠂ ᠬᠦᠢᠲᠡᠨ ᠰᠣᠷᠭᠤᠭ ᠬᠥᠮᠥᠷᠭᠡ ᠶᠢᠨ | ᠢᠵᠢ ᠪᠥᠷᠢᠳᠦᠭᠦᠯᠬᠦ ᠵᠢᠴᠢ ᠰᠤᠳᠤᠯᠤᠨ ᠨᠡᠭᠡᠭᠡᠬᠦ ᠲᠥᠪ ᠵᠡᠷᠭᠡ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠭᠠᠨ ᠢᠳᠡᠭᠡᠨ ᠤ ᠵᠢᠵᠢᠭ | ᠪᠠᠯᠭᠠᠰᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ | ᠪᠥᠭᠡᠳ ᠬᠠᠮᠢᠶ᠎ᠠ ᠪᠥᠬᠦᠶ ᠠᠵᠢᠯ ᠤᠨ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ | | | | | | | | ᠾᠧᠦ ᠵ᠊ᠵᠶᠦ᠋ᠨ ᠢᠦᠶ ᠴᠢᠬᠤᠯᠠᠴᠢᠯᠠᠭᠰᠠᠨ ᠨᠢ᠂ ᠴᠠᠭᠠᠨ ᠢᠳᠡᠭᠡᠨ ᠤ ᠵᠢᠵᠢᠭ ᠪᠠᠯᠭᠠᠰᠤᠨ ᠤ ᠪᠥᠲᠥᠭᠡᠨ | ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ | ᠥᠬᠡᠶ᠂ ᠨᠠᠩ ᠴᠤ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ | ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠣᠷᠣᠵᠤ ᠰᠠᠭᠤᠬᠤ ᠪᠠ ᠠᠰᠢᠭᠯᠠᠯᠲᠠ ᠳᠤ | ᠣᠷᠣᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠭᠠᠨ ᠢᠳᠡᠭᠡᠨ ᠤ ᠪᠠᠯᠭᠠᠰᠤᠨ ᠤ ᠠᠯᠳᠠᠷᠰᠢᠯ ᠪᠠ ᠨᠥᠯᠥᠭᠡᠯᠡᠬᠦ | ᠬᠦᠴᠦᠨ ᠢ ᠳᠡᠭᠡᠭᠰᠢᠯᠡᠭᠦᠯᠵᠦ᠂ ᠨᠠᠩ ᠣᠯᠠᠨ ᠠᠵᠤ ᠠᠬᠤᠶᠢᠯᠠᠯ ᠤᠨ ᠣᠷᠣᠵᠤ ᠰᠠᠭᠤᠬᠤ ᠪᠠ ᠪᠠᠯᠠ ᠣᠷᠣᠭᠤᠯᠬᠤ ᠶᠢ | ᠲᠡᠳᠡᠨ ᠠᠪᠴᠢᠷᠠᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠬᠦ ᠬᠡᠷᠡᠭᠲᠡᠶ᠃ | | | | ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |