ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
   1 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠰᠢᠤ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠵᠢᠱᠢᠭᠳᠡᠭᠴᠢ ᠵᠠᠩ ᠬᠠᠶ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠠᠢ ᠲᠤᠤᠱᠯᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠠᠢ᠃ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠡᠯᠡᠳᠬᠡᠯ ᠪᠠᠶᠢᠳᠠᠯ ᠵᠢᠴᠢ 2024 ᠣᠨ ᠤ ᠠᠵᠢᠯ ᠤᠨ ᠳ᠋ᠦᠩᠨᠡᠯᠲᠡ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠰᠣᠨᠣᠰᠴᠤ᠂ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ 2024 ᠣᠨ ᠳᠤ ᠪᠦᠬᠦ ᠬᠤᠰᠢᠭᠤ ᠪᠠᠷ ᠢᠶᠠᠨ ᠪᠦᠯᠬᠦᠮᠳᠡᠨ ᠨᠢᠭᠡᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠯ᠎ᠡ ᠵᠦᠢᠯ ᠤᠨ ᠦᠢᠯᠡᠰ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠢᠯᠪᠡᠷ ᠪᠤᠰᠤ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃    ᠬᠤᠷᠠᠯ ᠠᠴᠠ᠂ ᠰᠢᠨ᠎ᠡ ᠨᠢᠭᠡ ᠵᠢᠯ ᠤᠨ ᠰᠢᠨ᠎ᠡ ᠡᠭᠦᠷᠭᠡ ᠰᠢᠨ᠎ᠡ ᠬᠦᠰᠡᠯ ᠡᠷᠡᠮᠡᠯᠵᠡᠯ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠷ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃                           ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠸᠠᠩ ᡁᠢ ᠸᠧᠨ                          ᠤᠷᠴᠢᠭᠤᠯᠤᠭᠴᠢ᠄ ᠰᠤᠷᠤᠨ᠎ᠠ                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号