ᠵᠧᠦ ᠺᠠᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/9
   1 ᠰᠠᠷ᠎ᠠ ᠶᠢᠨ 7 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠸᠤ ᠺᠠᠢ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ ᠬᠦᠨᠵᠡᠭᠡᠶᠢᠷᠡᠵᠤ᠂ ᠡᠪᠤᠯ ᠤᠨ ᠤᠯᠠᠷᠢᠯ ᠤᠨ ᠵᠤᠭᠠᠴᠠᠯ᠂ ᠠᠷᠠᠳ ᠤᠨ ᠰᠠᠭᠤᠴᠠ ᠶᠢᠨ ᠠᠵᠤ ᠦᠢᠯᠡᠰ ᠤᠨ ᠬᠦᠭᠵᠢᠯᠳᠡ᠂ ᠠᠶᠤᠯᠬᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠵᠧᠦ ᠺᠠᠢ ᠤᠷᠢᠳ ᠬᠤᠵᠢᠳ ᠸᠠᠩ ᠱᠠᠨ ᠤ ᠠᠷᠠᠳ ᠤᠨ ᠣᠷᠣᠨ ᠰᠠᠭᠤᠴᠠ᠂ ᠴᠢᠩ ᠶᠢᠨ ᠠᠷᠠᠳ ᠤᠨ ᠣᠷᠣᠨ ᠰᠠᠭᠤᠴᠠ᠂ ᠭᠠᠯᠲᠤ ᠠᠭᠤᠯᠠ ᠶᠢᠨ ᠵᠤᠭᠠᠴᠠᠭᠰᠠᠳ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠠᠶᠠᠨᠴᠢᠳ ᠤᠨ ᠤᠷᠤᠰᠬᠠᠯ ᠤᠨ ᠬᠡᠮᠵᠢᠶ᠎ᠡ᠂ ᠣᠷᠣᠵᠤ ᠰᠠᠭᠤᠬᠤ ᠨᠤᠷᠮ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠣᠶᠣᠯ ᠵᠤᠭᠠᠴᠠᠯ ᠤᠨ ᠠᠵᠤ ᠦᠢᠯᠡᠰ ᠪᠣᠯ ᠠᠷᠠᠳ ᠢ ᠪᠠᠶᠠᠵᠢᠭᠤᠯᠬᠤ ᠠᠵᠤ ᠦᠢᠯᠡᠰ ᠪᠣᠯᠤᠨ᠎ᠠ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠰᠣᠶᠣᠯ ᠵᠤᠭᠠᠴᠠᠯ ᠤᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠤᠭᠠᠴᠠᠯ ᠤᠨ ᠦᠢᠯᠡᠰ ᠤᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠵᠡᠩᠨᠡᠯᠲᠡ ᠪᠣᠷᠣᠯᠠᠭᠤᠯᠭ᠎ᠠ ᠶᠢ ᠳᠡᠯᠭᠡᠷᠡᠭᠦᠯᠬᠦ ᠶᠢ ᠴᠢᠩᠭᠠᠳᠬᠠᠵᠤ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠵᠤᠭᠠᠴᠠᠭᠰᠠᠳ ᠤᠨ ᠣᠶᠢᠯᠠᠭᠠᠬᠤ ᠰᠡᠳᠬᠢᠯᠭᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠣᠨᠴᠠᠯᠢᠭᠵᠢᠭᠰᠠᠨ᠂ ᠲᠦᠷᠦᠯ ᠲᠡᠮᠳᠡᠭᠵᠢᠭᠰᠡᠨ᠂ ᠵᠢᠷᠤᠮᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠨᠡ ᠬᠤᠭᠤᠴᠠᠭᠠᠨ ᠳᠤ᠂ ᠵᠧᠦ ᠺᠠᠢ ᠪᠠᠰᠠ ᠤᠯᠠᠭᠠᠨᠬᠠᠳᠠ ᠰᠤᠮᠤ ᠶᠢᠨ ᠴᠢᠶᠠᠨ ᠶᠢᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠤ ᠵᠢᠭᠤᠯᠴᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠦᠴᠦᠷᠬᠡᠭᠵᠢᠭᠦᠯᠵᠦ᠂ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ᠂ ᠠᠵᠤ ᠦᠢᠯᠡᠰ ᠤᠨ ᠬᠥᠭᠵᠢᠯᠲᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠬᠡᠯᠡᠪᠡ᠃     ᠴᠠᠭᠠᠨ ᠢᠳᠡᠭᠡᠨ ᠤ ᠵᠢᠵᠢᠭ ᠪᠠᠯᠭᠠᠰᠤᠨ ᠳᠤ᠂ ᠵᠧᠦ ᠺᠠᠢ ᠠᠵᠤ ᠠᠬᠤᠶᠢᠯᠠᠯ ᠤᠨ ᠣᠷᠣᠵᠤ ᠰᠠᠭᠤᠭᠰᠠᠨ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠢᠳᠡᠭᠡᠨ ᠤ ᠠᠵᠤ ᠠᠬᠤᠶᠢᠯᠠᠯ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠬᠤ ᠨᠠᠩ ᠣᠯᠠᠨ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃    ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠧᠦ ᠺᠠᠢ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠭᠦᠨᠵᠡᠭᠡᠢ ᠪᠠᠶᠢᠴᠠᠭᠠᠨ ᠰᠤᠳᠤᠯᠪᠠ᠃ ᠲᠡᠷᠡ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠠᠯᠬᠤᠴᠠ ᠶᠢ ᠲᠦᠷᠭᠡᠳᠬᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠧᠦ ᠺᠠᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠰᠦᠢ ᠵᠢᠶᠠᠨ ᠬᠤᠸᠠ ᠤᠷᠤᠯᠴᠠᠪᠠ᠃                                                          ᠤᠷᠴᠢᠭᠤᠯᠤᠭᠴᠢ᠄ ᠰᠤᠷᠤᠨ᠎ᠠ                                                        ᠬᠢᠨᠠᠭᠴᠢ᠄ ᠡᠷᠳᠡᠨᠢᠴᠢᠮᠡᠭ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号