ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ | ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠶᠠᠮᠤᠨ ︽ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠵᠤ | ᠠᠮᠠᠷᠠᠬᠤ ᠲᠦᠷᠢᠮ ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠲᠦᠷ ᠬᠡᠷᠡᠭᠵᠢᠭᠦᠯᠬᠦ ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠭᠤᠷᠪᠠᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠲᠣᠪᠴᠢᠶᠠᠨ ᠤ ᠬᠠᠷᠢᠭᠤᠴᠠᠯᠭᠠᠲᠠᠨ ᠨᠥᠬᠦᠳ ︽ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ᠡᠨᠡ ᠪᠢᠴᠢᠭ ᠮᠠᠲ᠋ᠧᠷᠢᠶᠠᠯ ᠢ ᠲᠣᠭᠲᠠᠭᠠᠭᠰᠠᠨ ᠭᠤᠣᠯ ᠵᠣᠷᠢᠯᠭ᠎ᠠ ᠨᠢ ᠶᠠᠭᠤ ᠪᠣᠢ︖ | ᠬᠠᠷᠢᠭᠤᠯᠲᠠ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠠᠴᠠ ᠳᠤᠷᠠᠳᠤᠭᠰᠠᠨ᠂ ᠰᠠᠶᠢᠨ ᠳᠤᠷ᠎ᠠ ᠪᠠᠷ᠂ ᠬᠠᠷᠢᠮᠠᠬᠠᠶ ᠴᠢᠨᠠᠷ ᠤᠨ ᠵᠠᠷᠴᠢᠮ ᠢᠶᠠᠷ ᠬᠠᠤᠯᠢ ᠪᠠᠷ | ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠠᠭᠠᠵᠢᠮ ᠠᠬᠢᠬᠤ ᠭᠡᠯᠪᠡᠷᠢ ᠪᠠᠷ ᠬᠤᠶᠢᠰᠢᠯᠠᠭᠤᠯᠬᠤᠢ | ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ︽ᠠᠯᠭᠤᠷ ᠠᠬᠢᠬᠤ ᠬᠡᠯᠪᠡᠷᠢ ᠪᠠᠷ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠤᠷᠲᠤᠳᠬᠠᠬᠤ ᠶᠢ ᠬᠡᠷᠡᠭᠵᠢᠭᠦᠯᠬᠦ ᠲᠤᠬᠠᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵ᠳᠣᠷᠣᠭᠰᠢ ︽ | ᠲᠣᠭᠲᠠᠭᠠᠯ︾ ᠭᠡᠵᠦ ᠲᠣᠪᠴᠢᠯᠠᠨ᠎ᠠ︶ ᠳᠤ᠂ ᠠᠵᠢᠯᠲᠠᠨ ᠠᠵᠢᠯᠴᠢᠨ ᠰᠠᠶᠢᠨ ᠳᠤᠷ᠎ᠠ ᠠᠴᠠ ᠪᠠᠨ ᠬᠠᠷᠢᠮᠠᠬᠠᠢ | ᠴᠢᠨᠠᠷᠲᠠᠢ ᠪᠠᠷ ᠠᠵᠢᠯ ᠠᠴᠠ ᠪᠠᠨ ᠠᠮᠠᠷᠠᠬᠤ ᠪᠤᠶᠤ ᠠᠵᠢᠯ ᠠᠴᠠ ᠪᠠᠨ ᠠᠮᠠᠷᠠᠬᠤ ᠨᠠᠰᠤ ᠶᠢ ᠤᠷᠲᠤᠳᠬᠠᠬᠤ ᠶᠢ | ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠪᠠ᠃ ᠬᠠᠷᠢᠮᠠᠬᠠᠶ ᠴᠢᠨᠠᠷᠲᠠᠶ ᠠᠵᠢᠯ ᠠᠴᠠ ᠪᠠᠨ ᠠᠮᠠᠷᠠᠬᠤ ᠶᠢ | ᠬᠡᠷᠡᠭᠵᠢᠭᠦᠯᠬᠦ ᠪᠣᠯ ᠮᠠᠨ ᠤ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ | ᠢᠳᠡᠭ ᠢᠶᠠᠷ ᠤᠷᠲᠤᠳᠬᠠᠬᠤ ᠥᠭᠡᠷᠡᠴᠢᠯᠡᠯᠲᠡ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠬᠤ ᠪᠥᠭᠡᠳ | ᠬᠥᠳᠡᠯᠮᠦᠷᠢᠯᠡᠭᠴᠢᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠳᠤ ᠵᠣᠬᠢᠴᠠᠭᠤᠯᠤᠨ᠂ ᠠᠳᠠᠯᠢ ᠪᠤᠰᠤ ᠠᠵᠢᠯ | ᠠᠮᠢᠳᠤᠷᠠᠯ ᠤᠨ ᠲᠣᠬᠢᠷᠠᠭᠤᠯᠤᠯᠲᠠ ᠶᠢᠨ ᠬᠡᠷᠡᠭᠴᠡᠭᠡ ᠶᠢ ᠬᠠᠩᠭᠠᠬᠤ ᠳᠤ ᠠᠰᠢᠭᠲᠠᠶ ᠶᠤᠮ᠃ ᠥᠭᠡᠷᠡᠴᠢᠯᠡᠯᠲᠡ ᠶᠢ | ᠬᠡᠷᠡᠭᠵᠢᠭᠦᠯᠦᠭᠰᠡᠨ ᠤ ᠳᠠᠷᠠᠭ᠎ᠠ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ | ᠬᠠᠲᠠᠭᠤ ᠴᠢᠩᠭ᠎ᠠ ᠵᠠᠩᠭᠢᠯᠠᠭ᠎ᠠ ᠶᠢᠨ ᠴᠡᠭ ᠪᠠᠶᠢᠭᠰᠠᠨ ᠠᠴᠠ ᠨᠢ ᠨᠢᠭᠡᠨ ᠬᠠᠷᠢᠮᠠᠬᠠᠶ ᠣᠷᠣᠨ ᠵᠠᠶ ᠪᠣᠯᠭᠠᠨ | ᠥᠷᠭᠡᠳᠬᠡᠵᠦ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ ᠨᠠᠰᠤᠨ ᠤ ᠰᠣᠩᠭᠤᠯᠲᠠ ᠶᠢᠨ ᠡᠷᠬᠡ ᠶᠢ | ᠨᠡᠮᠡᠭᠳᠡᠭᠦᠯᠦᠭᠰᠡᠨ ᠪᠠᠶᠢᠨ᠎ᠠ᠃ ᠰᠠᠶᠢᠨ ᠳᠤᠷ᠎ᠠ ᠶᠢᠨ᠂ ᠬᠠᠷᠢᠮᠠᠬᠠᠶ ᠴᠢᠨᠠᠷ ᠤᠨ ᠵᠠᠷᠴᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ | ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ︽ᠲᠣᠭᠲᠠᠭᠠᠯ︾ | ᠳᠤ ᠳᠤᠷᠠᠳᠤᠭᠰᠠᠨ ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠵᠤ ᠠᠮᠠᠷᠠᠬᠤ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠵᠢᠭᠦᠯᠵᠦ᠂ ᠭᠤᠷᠪᠠᠨ ᠰᠠᠯᠠᠭ᠎ᠠ ᠮᠥᠴᠢᠷ ︽ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ | ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠵᠤ ᠠᠮᠠᠷᠠᠬᠤ ᠶᠢ ᠭᠦᠢᠴᠡᠳᠬᠡᠬᠦ ᠲᠠᠰ ᠳᠠᠷᠠᠭᠠᠯᠠᠯ᠂ ᠡᠷᠬᠡ ᠠᠰᠢᠭ ᠤᠨ | ᠪᠠᠲᠤᠯᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡ ᠶᠢ ᠰᠢᠯᠢᠳᠡᠭᠵᠢᠭᠦᠯᠬᠦ ᠳᠤ ᠱᠠᠭᠠᠷᠳᠠᠯᠭ᠎ᠠ ᠳᠤᠷᠠᠳᠪᠠ᠃ | ᠠᠰᠠᠭᠤᠯᠲᠠ᠄ ᠬᠠᠷᠢᠮᠠᠬᠠᠢ ᠴᠢᠨᠠᠷᠲᠠᠢ ᠠᠵᠢᠯ ᠠᠴᠠ ᠪᠠᠨ ᠠᠮᠠᠷᠠᠬᠤ ᠨᠠᠰᠤ ᠶᠢ ᠬᠡᠷᠬᠢᠨ ᠲᠣᠭᠲᠠᠭᠠᠬᠤ ᠪᠣᠢ︖ | ᠬᠠᠷᠢᠭᠤᠯᠲᠠ᠄ ᠰᠠᠶᠢᠨ ᠳᠤᠷ᠎ᠠ ᠶᠢᠨ ᠪᠠ ᠤᠶᠠᠨ ᠬᠠᠳᠠᠨ ᠴᠢᠨᠠᠷ ᠢ ᠪᠠᠷᠢᠮᠲᠠᠯᠠᠬᠤ ᠪᠣᠯ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠤ ᠥᠭᠡᠷᠡᠴᠢᠯᠡᠯᠲᠡ ᠶᠢ ᠠᠭᠠᠵᠢᠮ ᠢᠶᠠᠷ ᠬᠤᠶᠢᠰᠢᠯᠠᠭᠤᠯᠬᠤ ᠶᠢᠨ | ᠴᠢᠬᠤᠯᠠ ᠵᠠᠷᠴᠢᠮ ᠮᠥᠨ᠃ ᠠᠵᠢᠯᠲᠠᠨ ᠠᠵᠢᠯᠴᠢᠨ ︽ᠲᠣᠭᠲᠠᠭᠠᠯ︾ ᠳᠤ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠠᠨ ᠠᠮᠠᠷᠠᠬᠤ | ᠨᠠᠰᠤ ᠶᠢ ᠤᠶᠠᠨ ᠬᠠᠲᠠᠨ ᠴᠢᠨᠠᠷ ᠢᠶᠠᠷ ᠨᠢ ᠤᠷᠢᠳᠴᠢᠯᠠᠨ ᠪᠤᠶᠤ ᠤᠶᠠᠨ ᠬᠠᠲᠠᠨ ᠴᠢᠨᠠᠷ ᠢ ᠨᠢ ᠰᠣᠩᠭᠤᠵᠤ | ᠬᠤᠶᠢᠰᠢᠯᠠᠭᠤᠯᠵᠤ ᠪᠣᠯᠤᠨ᠎ᠠ᠃ ︽ᠲᠦᠷ ᠬᠡᠷᠡᠭᠵᠢᠭᠦᠯᠬᠦ ᠠᠷᠭ᠎ᠠ︾ ᠳᠤ᠂ ᠠᠵᠢᠯᠲᠠᠨ ᠠᠵᠢᠯᠴᠢᠨ ᠤᠯᠤᠰ ᠠᠴᠠ | ᠲᠣᠭᠲᠠᠭᠠᠭᠰᠠᠨ ᠬᠠᠮᠤᠭ ᠤᠨ ᠳᠣᠤᠷ᠎ᠠ ᠵᠠᠷᠤᠳᠠᠯ ᠲᠤᠰᠢᠶᠠᠬᠤ ᠵᠢᠯ ᠬᠤᠭᠤᠴᠠᠭ᠎ᠠ ᠳᠤ ᠬᠦᠷᠴᠦ᠂ ᠰᠠᠶᠢᠨ | ᠳᠤᠷ᠎ᠠ ᠠᠴᠠ ᠪᠠᠨ ᠬᠠᠷᠢᠮᠠᠬᠠᠶ ᠴᠢᠨᠠᠷ ᠢ ᠰᠣᠩᠭᠤᠵᠤ ᠤᠷᠢᠳᠠᠪᠠᠷ ᠠᠵᠢᠯ ᠠᠴᠠ ᠪᠠᠨ ᠠᠮᠠᠷᠠᠵᠤ ᠪᠣᠯᠤᠨ᠎ᠠ᠂ | ᠤᠷᠢᠳᠴᠢᠯᠠᠭᠤᠯᠤᠭᠰᠠᠨ ᠴᠠᠭ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ | ᠦᠭᠡᠶ᠂ ᠲᠡᠷᠡ ᠮᠥᠷᠲᠡᠭᠡᠨ ᠠᠵᠢᠯ ᠠᠴᠠ ᠪᠠᠨ ᠠᠮᠠᠷᠠᠬᠤ ᠨᠠᠰᠤ ᠨᠢ ᠡᠮᠡᠭᠲᠡᠶ ᠠᠵᠢᠯᠲᠠᠨ ᠠᠵᠢᠯᠴᠢᠨ ᠤ 50 ᠨᠠᠰᠤ᠂ | 55 ᠪᠦᠬᠦᠯᠢ ᠨᠠᠰᠤ ᠵᠢᠴᠢ ᠡᠷᠡᠭᠲᠡᠶ ᠠᠵᠢᠯᠲᠠᠨ ᠠᠵᠢᠯᠴᠢᠨ ᠤ ᠪᠦᠬᠦᠯᠢ 60 ᠨᠠᠰᠤᠨ ᠤ ᠤᠤᠯ ᠤᠨ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ ᠳᠣᠤᠷ᠎ᠠ ᠪᠠᠶᠢᠵᠤ ᠪᠣᠯᠬᠤ ᠦᠭᠡᠶ ᠭᠡᠵᠦ ᠲᠣᠭᠲᠠᠭᠠᠪᠠ᠃ | ᠠᠵᠢᠯᠲᠠᠨ ᠠᠵᠢᠯᠴᠢᠨ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠴᠦ᠂ ᠪᠠᠶᠢᠭ᠎ᠠ | ᠨᠢᠭᠡᠴᠡ ᠨᠢ ᠠᠵᠢᠯᠲᠠᠨ ᠠᠵᠢᠯᠴᠢᠨ ᠯᠤᠭ᠎ᠠ ᠨᠢ ᠵᠥᠪᠳᠡᠯᠴᠡᠭᠡᠳ ᠰᠠᠨᠠᠯ ᠨᠢᠭᠡᠳᠦᠭᠰᠡᠨ ᠪᠣᠯ ᠠᠵᠢᠯ ᠠᠴᠠ ᠪᠠᠨ ᠪᠠᠭᠤᠵᠤ | ᠠᠮᠠᠷᠠᠬᠤ ᠬᠤᠭᠤᠴᠠᠭ᠎ᠠ ᠶᠢ ᠤᠶᠠᠨ ᠬᠠᠷᠢᠮᠠᠬᠠᠢ ᠪᠠᠷ ᠤᠷᠲᠤᠳᠬᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠶᠢ | ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠶ᠃ | ᠵᠢᠱᠢᠶᠡᠯᠡᠪᠡᠯ᠂ ᠵᠠᠷᠢᠮ ᠡᠷᠡᠭᠲᠡᠶ ᠠᠵᠢᠯᠲᠠᠨ ᠠᠵᠢᠯᠴᠢᠨ᠂ 1972 ᠣᠨ ᠤ 9 ᠰᠠᠷ᠎ᠠ ᠳᠤ ᠳᠦᠷᠦᠵᠡᠶ᠂ ︽ | ᠲᠣᠭᠲᠠᠭᠠᠯ︾ ᠢ ᠬᠡᠷᠡᠭᠵᠢᠭᠦᠯᠦᠭᠰᠡᠨ ᠤ ᠳᠠᠷᠠᠭ᠎ᠠ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ | 62 ᠪᠦᠬᠦᠯᠢ ᠨᠠᠰᠤ ᠪᠣᠯᠤᠨ᠎ᠠ᠂ ᠬᠡᠷᠪᠡ ᠬᠠᠮᠤᠭ ᠤᠨ ᠳᠣᠤᠷ᠎ᠠ ᠰᠦᠢᠳᠬᠡᠯ ᠲᠤᠰᠢᠶᠠᠬᠤ ᠣᠨ ᠤ ᠬᠢᠵᠠᠭᠠᠷ ᠢ | ᠬᠠᠩᠭᠠᠪᠠᠯ 60 ᠨᠠᠰᠤᠨ ᠠᠴᠠ 62 ᠪᠦᠬᠦᠯᠢ ᠨᠠᠰᠤᠨ ᠤ ᠬᠤᠭᠤᠷᠣᠨᠳᠣ ᠬᠠᠷᠢᠮᠠᠬᠠᠢ ᠴᠢᠨᠠᠷᠲᠠᠶ ᠤᠷᠢᠳᠴᠢᠯᠠᠨ | ᠠᠵᠢᠯ ᠠᠴᠠ ᠪᠠᠨ ᠠᠮᠠᠷᠠᠵᠤ ᠪᠣᠯᠤᠨ᠎ᠠ᠃ ᠬᠡᠷᠪᠡ ᠲᠣᠰ ᠠᠵᠢᠯᠲᠠᠨ ᠠᠵᠢᠯᠴᠢᠨ ᠨᠢ ᠬᠠᠷᠢᠮᠠᠬᠠᠶ ᠴᠢᠨᠠᠷᠲᠠᠶ ᠪᠠᠷ | ᠤᠷᠢᠳᠴᠢᠯᠠᠨ ᠠᠵᠢᠯ ᠠᠴᠠ ᠪᠠᠨ ᠠᠮᠠᠷᠠᠬᠤ ᠶᠢ ᠰᠣᠩᠭᠤᠭᠰᠠᠨ ᠥᠬᠡᠶ᠂ ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤᠨ ᠳᠤ ᠭᠦᠷᠦᠭᠰᠡᠨ ᠤ ᠳᠠᠷᠠᠭ᠎ᠠ᠂ ᠠᠵᠢᠯ ᠠᠴᠠ ᠪᠠᠨ ᠪᠠᠭᠤᠵᠤ ᠠᠮᠠᠷᠠᠵᠤ ᠪᠣᠯᠤᠨ᠎ᠠ︔ | ᠬᠡᠷᠪᠡ ᠪᠠᠶᠢᠭ᠎ᠠ ᠨᠢᠭᠡᠴᠢ ᠲᠠᠢ ᠵᠥᠪᠳᠡᠯᠴᠡᠵᠦ ᠪᠠᠶᠢᠭᠠᠳ ᠰᠠᠨᠠᠯ ᠨᠢᠭᠡᠲᠡᠶ ᠪᠠᠶᠢᠪᠠᠯ ᠪᠠᠰᠠ 62 ᠪᠦᠬᠦᠯᠢ | ᠨᠠᠰᠤᠨ ᠠᠴᠠ 65 ᠪᠦᠬᠦᠯᠢ ᠨᠠᠰᠤᠨ ᠤ ᠬᠤᠭᠤᠷᠣᠨᠳᠣ ᠠᠵᠢᠯ ᠠᠴᠠ ᠪᠠᠨ ᠠᠮᠠᠷᠠᠬᠤ ᠪᠠᠨ ᠤᠶᠠᠨ ᠬᠠᠲᠠᠨ ᠴᠢᠨᠠᠷᠲᠠᠶ | ᠬᠤᠶᠢᠰᠢᠯᠠᠭᠤᠯᠵᠤ ᠪᠣᠯᠤᠨ᠎ᠠ᠃ | ᠠᠰᠠᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠨᠢ ᠠᠮᠢᠳᠤᠯᠢᠭ ᠢᠶᠠᠷ ᠤᠷᠢᠳᠴᠢᠯᠠᠨ ᠠᠵᠢᠯ ᠠᠴᠠ ᠪᠠᠨ | ᠠᠮᠠᠷᠠᠬᠤ ᠶᠢ ᠭᠦᠢᠴᠡᠳᠭᠡᠬᠦ ᠲᠠᠯ᠎ᠠ ᠪᠠᠷ ᠬᠡᠷᠬᠢᠨ ᠲᠣᠭᠲᠠᠭᠠᠭᠰᠠᠨ ᠪᠣᠶ︖ | ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠳᠤ ᠠᠵᠢᠯᠲᠠᠨ ᠠᠵᠢᠯᠴᠢᠨ ᠰᠠᠶᠢᠨ ᠳᠤᠷ᠎ᠠ ᠠᠴᠠ ᠪᠠᠨ | ᠬᠠᠷᠢᠮᠠᠬᠠᠶ ᠴᠢᠨᠠᠷ ᠢ ᠰᠣᠩᠭᠤᠵᠤ ᠤᠷᠢᠳᠴᠢᠯᠠᠨ ᠠᠵᠢᠯ ᠠᠴᠠ ᠪᠠᠨ ᠠᠮᠠᠷᠠᠭᠰᠠᠨ ᠲᠣᠬᠢᠶᠠᠯᠳᠤᠯ ᠳᠤ᠂ ᠨᠠᠭᠠᠳᠤ | ᠵᠠᠬ᠎ᠠ ᠳᠤ ᠪᠠᠨ ᠲᠣᠰ ᠬᠥᠮᠦᠨ ᠤ ᠰᠣᠩᠭᠤᠭᠰᠠᠨ ᠠᠵᠢᠯ ᠠᠴᠠ ᠪᠠᠨ ᠠᠮᠠᠷᠠᠭᠰᠠᠨ ᠴᠠᠭ ᠠᠴᠠ ᠡᠮᠦᠨ᠎ᠡ 3 ᠰᠠᠷ᠎ᠠ ᠪᠣᠯ | ᠪᠢᠴᠢᠭ ᠤᠨ ᠬᠡᠯᠪᠡᠷᠢ ᠪᠠᠷ ᠪᠠᠶᠢᠭ᠎ᠠ ᠨᠢᠭᠡᠴᠢ ᠳᠤ ᠮᠡᠳᠡᠭᠳᠡᠨ᠎ᠡ ᠭᠡᠵᠦ ᠲᠣᠭᠲᠠᠭᠠᠵᠠᠶ᠃ ᠡᠨᠡ ᠬᠦ ᠲᠣᠭᠲᠠᠭᠠᠯ ᠨᠢ | ᠭᠤᠤᠯᠳᠠᠭᠤ ᠬᠤᠶᠠᠷ ᠲᠠᠯ᠎ᠠ ᠪᠠᠷ ᠪᠣᠳᠣᠯᠬᠢᠯᠠᠪᠠ᠄ ᠨᠢᠭᠡ ᠲᠠᠯ᠎ᠠ ᠪᠠᠷ᠂ ᠲᠣᠳᠣᠷᠬᠠᠶ ᠮᠡᠳᠡᠭᠳᠡᠬᠦ ᠬᠡᠯᠪᠡᠷᠢ ᠪᠠᠷ ᠠᠵᠢᠯᠲᠠᠨ | ᠠᠵᠢᠯᠴᠢᠨ ᠤ ᠲᠣᠰ ᠬᠥᠮᠦᠨ ᠤ ᠦᠨᠡᠨ ᠪᠣᠳᠠᠲᠠᠶ ᠬᠦᠰᠡᠯ ᠰᠠᠨᠠᠭ᠎ᠠ ᠶᠢ ᠦᠨᠡᠨ ᠬᠦ ᠪᠠᠲᠤᠯᠠᠨ᠎ᠠ︔ ᠨᠥᠭᠦᠭᠡ | ᠲᠠᠯ᠎ᠠ ᠪᠠᠷ᠂ ᠤᠷᠢᠳᠴᠢᠯᠠᠨ ᠮᠡᠳᠡᠭᠳᠡᠬᠦ ᠴᠠᠭ ᠢ ᠲᠣᠳᠣᠷᠬᠠᠶ ᠲᠣᠭᠲᠠᠭᠠᠵᠤ᠂ ᠬᠥᠮᠦᠨ ᠬᠡᠷᠡᠭᠯᠡᠬᠦ ᠨᠢᠭᠡᠴᠢ ᠶᠢᠨ | ᠠᠵᠢᠯᠲᠠᠨ ᠤ ᠲᠣᠬᠢᠷᠠᠭᠤᠯᠤᠯᠲᠠ ᠶᠢᠨ ᠲᠠᠯ᠎ᠠ ᠪᠠᠷ ᠪᠡᠯᠡᠳᠬᠡᠯ ᠲᠠᠢ ᠪᠠᠶᠢᠬᠤ ᠳᠤ ᠳᠥᠭᠦᠮ ᠦᠵᠡᠭᠦᠯᠦᠨ᠎ᠡ᠃ | ᠠᠰᠠᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠳᠤ ᠠᠵᠢᠯ ᠠᠴᠠ ᠪᠠᠨ ᠠᠮᠠᠷᠠᠬᠤ ᠶᠢ ᠭᠦᠢᠴᠡᠳᠬᠡᠬᠦ ᠶᠢ | ᠤᠶᠠᠨ ᠬᠠᠲᠠᠨ ᠴᠢᠨᠠᠷᠲᠠᠢ ᠪᠠᠷ ᠬᠤᠶᠢᠰᠢᠯᠠᠭᠤᠯᠬᠤ ᠶᠢ ᠬᠤᠶᠢᠰᠢᠯᠠᠭᠤᠯᠬᠤ ᠲᠠᠯ᠎ᠠ ᠪᠠᠷ ᠬᠡᠷᠬᠢᠨ ᠲᠣᠭᠲᠠᠭᠠᠭᠰᠠᠨ ᠪᠣᠢ︖ | | ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠳᠤ ᠳᠤᠷᠠᠳᠤᠭᠰᠠᠨ ᠨᠢ᠂ ᠪᠠᠶᠢᠭ᠎ᠠ ᠨᠢᠭᠡᠴᠢ ᠬᠢᠭᠡᠳ | ᠠᠵᠢᠯᠲᠠᠨ ᠠᠵᠢᠯᠴᠢᠨ ᠢ 1 ᠰᠠᠷ᠎ᠠ ᠤᠷᠢᠳᠴᠢᠯᠠᠨ ᠬᠢᠵᠦ᠂ ᠠᠵᠢᠯ ᠠᠴᠠ ᠪᠠᠨ ᠠᠮᠠᠷᠠᠬᠤ ᠴᠠᠭ ᠢ ᠪᠢᠴᠢᠭ ᠤᠨ | ᠬᠡᠯᠪᠡᠷᠢ ᠪᠠᠷ ᠤᠷᠲᠤᠳᠬᠠᠬᠤ ᠵᠡᠷᠭᠡ ᠵᠦᠢᠯᠡᠰ ᠢ ᠲᠣᠳᠣᠷᠬᠠᠶᠢᠯᠠᠬᠤ ᠬᠡᠷᠡᠭᠲᠡᠢ᠃ ᠠᠵᠢᠯ ᠠᠴᠠ ᠪᠠᠨ ᠠᠮᠠᠷᠠᠬᠤ ᠴᠠᠭ ᠢ | ᠬᠠᠷᠢᠮᠠᠬᠠᠢ ᠴᠢᠨᠠᠷᠲᠠᠢ ᠪᠠᠷ ᠬᠤᠶᠢᠰᠢᠯᠠᠭᠤᠯᠤᠭᠰᠠᠨ ᠤ ᠳᠠᠷᠠᠭ᠎ᠠ᠂ ᠳᠠᠬᠢᠵᠤ ᠤᠷᠳᠤᠳᠬᠠᠬᠤ ᠦᠭᠡᠢ᠃ | ᠠᠵᠢᠯ ᠠᠴᠠ ᠪᠠᠨ ᠪᠠᠭᠤᠵᠤ ᠠᠮᠠᠷᠠᠬᠤ ᠬᠤᠭᠤᠴᠠᠭ᠎ᠠ ᠶᠢ ᠤᠶᠠᠨ ᠬᠠᠲᠠᠨ ᠬᠤᠶᠢᠰᠢᠯᠠᠭᠤᠯᠵᠤ᠂ ᠠᠵᠢᠯᠯᠠᠵᠤ ᠪᠠᠶᠢᠭ᠎ᠠ | ᠨᠢᠭᠡᠴᠡ ᠬᠢᠭᠡᠳ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠷᠢᠴᠠᠭ᠎ᠠ ᠪᠤᠶᠤ ᠠᠵᠢᠯᠲᠠᠨ ᠤ ᠶᠠᠪᠤᠳᠠᠯ ᠤᠨ | ᠬᠠᠷᠢᠴᠠᠭ᠎ᠠ ᠦᠷᠭᠦᠯᠵᠢᠯᠡᠨ᠎ᠡ᠃ ᠡᠳᠡᠭᠡᠷ ᠲᠣᠭᠲᠠᠭᠠᠯ ᠨᠢ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠰᠠᠨᠠᠯ ᠨᠢᠭᠡᠳᠬᠦ ᠶᠢ | ᠢᠯᠡᠷᠡᠭᠦᠯᠵᠦ᠂ ᠠᠵᠢᠯ ᠠᠴᠠ ᠪᠠᠨ ᠠᠮᠠᠷᠠᠬᠤ ᠬᠤᠭᠤᠴᠠᠭ᠎ᠠ ᠶᠢ ᠤᠶᠠᠨ ᠬᠠᠳᠠᠨ ᠬᠤᠶᠢᠰᠢᠯᠠᠭᠤᠯᠵᠤ ᠪᠠᠶᠢᠭ᠎ᠠ | ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠭᠰᠠᠨ ᠪᠥᠭᠡᠳ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯᠳᠠᠨ | ᠠᠵᠢᠯᠴᠢᠨ ᠤ ᠵᠢᠱᠢᠯᠲᠡ ᠶᠢ ᠲᠣᠭᠲᠠᠪᠤᠷᠢᠵᠢᠭᠤᠯᠬᠤ ᠳᠤ ᠴᠤ ᠠᠰᠢᠭᠲᠠᠢ ᠶᠤᠮ᠃ ᠡᠭᠦᠨ ᠤ ᠬᠠᠮᠲᠤ᠂ ︽ᠲᠦᠷ | ᠬᠡᠷᠡᠭᠵᠢᠭᠦᠯᠬᠦ ᠠᠷᠭ᠎ᠠ︾ ᠳᠤ᠂ ᠠᠯᠪᠠᠲᠠᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠤᠳᠤᠷᠢᠳᠬᠤ ᠬᠥᠮᠦᠰ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠪᠡᠯ ᠴᠠᠭ ᠲᠤᠬᠠᠶ ᠳᠤᠨᠢ ᠠᠵᠢᠯ ᠠᠴᠠ ᠪᠠᠨ ᠪᠠᠭᠤᠵᠤ | ᠠᠮᠠᠷᠠᠬᠤ ᠭᠠᠷ ᠭᠦᠢᠴᠡᠳᠬᠡᠯ ᠬᠢᠬᠦ ᠬᠡᠷᠡᠭᠲᠡᠶ ᠭᠡᠵᠦ ᠲᠣᠭᠲᠠᠭᠠᠵᠠᠶ᠃ | ᠠᠰᠠᠭᠤᠯᠲᠠ᠄ ᠠᠵᠢᠯᠲᠠᠨ ᠠᠵᠢᠯᠴᠢᠨ ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠬᠤ ᠶᠢ ᠰᠣᠩᠭᠤᠬᠤ | ᠦᠶ᠎ᠡ ᠳᠤ᠂ ᠰᠦᠢᠳᠬᠡᠯ ᠲᠤᠰᠢᠶᠠᠬᠤ ᠬᠠᠮᠤᠭ ᠤᠨ ᠳᠣᠤᠷ᠎ᠠ ᠣᠨ ᠤ ᠬᠢᠵᠠᠭᠠᠷ ᠢ ᠬᠡᠷᠬᠢᠨ ᠲᠣᠭᠲᠠᠭᠠᠬᠤ ᠪᠣᠶ︖ | ᠬᠠᠷᠢᠭᠤᠯᠲᠠ᠄ ︽ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠠᠵᠢᠯᠲᠠᠨ ᠠᠵᠢᠯᠴᠢᠨ ᠰᠠᠷ᠎ᠠ ᠪᠦᠷᠢ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠬᠤᠭᠤᠴᠠᠭᠠᠨ ᠳᠤ ᠪᠠᠨ ᠤᠯᠤᠰ ᠤᠨ ᠲᠣᠭᠲᠠᠭᠠᠭᠰᠠᠨ | ᠬᠠᠮᠤᠭ ᠤᠨ ᠳᠣᠣᠷ᠎ᠠ ᠰᠦᠢᠳᠬᠡᠯ ᠲᠤᠰᠢᠶᠠᠬᠤ ᠬᠤᠭᠤᠴᠠᠭ᠎ᠠ ᠳᠤ ᠬᠦᠷᠬᠦ ᠬᠡᠷᠡᠭᠲᠡᠢ᠃ ᠥᠭᠡᠷᠡᠴᠢᠯᠡᠯᠲᠡ ᠶᠢ | ᠬᠡᠷᠡᠭᠵᠢᠭᠦᠯᠬᠦ ᠶᠠᠪᠤᠴᠠ ᠳᠤ᠂ ᠠᠳᠠᠯᠢ ᠪᠤᠰᠤ ᠵᠢᠯ ᠤᠨ ᠠᠵᠢᠯ ᠠᠴᠠ ᠪᠠᠨ ᠪᠠᠭᠤᠵᠤ ᠠᠮᠠᠷᠠᠬᠤ ᠳᠤ᠂ ᠬᠠᠮᠤᠭ ᠤᠨ | ᠳᠣᠤᠷ᠎ᠠ ᠰᠦᠢᠳᠭᠡᠯ ᠲᠤᠰᠢᠶᠠᠬᠤ ᠵᠢᠯ ᠬᠤᠭᠤᠴᠠᠭ᠎ᠠ ᠨᠢ ᠵᠥᠷᠢᠶ᠎ᠡ ᠲᠠᠢ ᠪᠣᠯᠳᠠᠭ᠂ ︽ᠲᠦᠷ ᠬᠡᠷᠡᠭᠵᠢᠭᠦᠯᠬᠦ ᠠᠷᠭ᠎ᠠ︾ | ᠨᠢ ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠵᠤ ᠠᠮᠠᠷᠠᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ ᠲᠣᠰ | ᠲᠣᠭᠲᠠᠭᠠᠯ ᠢ ᠤᠯᠠᠮ ᠨᠢᠭᠡ ᠠᠯᠬᠤᠮ ᠲᠣᠳᠣᠷᠬᠠᠶ ᠪᠥᠭᠡᠳ ᠨᠠᠷᠢᠯᠢᠬᠵᠢᠭᠤᠯᠤᠨ᠂ ᠬᠠᠷᠢᠮᠠᠬᠠᠶ ᠴᠢᠨᠠᠷᠲᠠᠶ ᠪᠠᠷ | ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠰᠣᠩᠭᠤᠵᠤ᠂ ᠰᠠᠷ᠎ᠠ ᠪᠠᠷ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠪᠠᠷ ᠭᠤᠶᠤᠴᠢᠯᠠᠪᠠᠯ᠂ ᠠᠵᠢᠯ ᠠᠴᠠ ᠪᠠᠨ ᠪᠠᠭᠤᠵᠤ | ᠠᠮᠠᠷᠠᠬᠤ ᠴᠠᠭ ᠢ ᠰᠣᠩᠭᠤᠭᠰᠠᠨ ᠬᠠᠷᠠᠭᠠᠯᠵᠠᠭᠰᠠᠨ ᠵᠢᠯ ᠤᠨ ᠬᠠᠮᠤᠭ ᠤᠨ ᠳᠣᠤᠷ᠎ᠠ ᠰᠦᠢᠳᠭᠡᠯ ᠲᠤᠰᠢᠶᠠᠬᠤ ᠵᠢᠯ | ᠬᠤᠭᠤᠴᠠᠭ᠎ᠠ ᠳᠤ ᠬᠦᠷᠦᠭᠰᠡᠨ ᠪᠠᠶᠢᠬᠤ ᠬᠡᠷᠡᠭᠲᠡᠶ︔ ᠠᠵᠢᠯ ᠠᠴᠠ ᠪᠠᠨ ᠪᠠᠭᠤᠵᠤ ᠠᠮᠠᠷᠠᠬᠤ ᠴᠠᠭ ᠢ ᠰᠣᠩᠭᠤᠭᠰᠠᠨ | ᠠᠵᠢᠯᠲᠠᠨ ᠠᠵᠢᠯᠴᠢᠨ ᠢ ᠰᠣᠩᠭᠤᠵᠤ᠂ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠪᠠᠷ | ᠭᠤᠶᠤᠴᠢᠯᠠᠬᠤ ᠳᠤ᠂ ᠲᠡᠭᠦᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ | ᠬᠠᠷᠠᠭᠠᠯᠵᠠᠭᠰᠠᠨ ᠵᠢᠯ ᠤᠨ ᠬᠠᠮᠤᠭ ᠤᠨ ᠳᠣᠤᠷ᠎ᠠ ᠰᠦᠢᠳᠭᠡᠯ ᠲᠤᠰᠢᠶᠠᠬᠤ ᠬᠤᠭᠤᠴᠠᠭ᠎ᠠ ᠳᠤ ᠬᠦᠷᠦᠭᠰᠡᠨ ᠪᠠᠶᠢᠬᠤ | ᠬᠡᠷᠡᠭᠲᠡᠶ᠃ | ᠠᠰᠠᠭᠤᠯᠲᠠ᠄ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠠᠵᠢᠯ ᠤᠨ ᠪᠠᠶᠢᠷᠢ ᠳᠤ ᠪᠠᠨ ᠬᠠᠷᠢᠮᠠᠬᠠᠶ ᠴᠢᠨᠠᠷᠲᠠᠢ ᠠᠵᠢᠯ ᠠᠴᠠ ᠪᠠᠨ ᠠᠮᠠᠷᠠᠬᠤ ᠵᠢᠷᠤᠮ ᠤᠨ ᠲᠠᠯ᠎ᠠ ᠪᠠᠷ | ᠶᠠᠮᠠᠷ ᠱᠠᠭᠠᠷᠳᠠᠯᠭ᠎ᠠ ᠲᠠᠢ ᠪᠣᠢ︖ | ᠬᠠᠷᠢᠭᠤᠯᠲᠠ᠄ ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ | ᠲᠦᠷ ᠬᠡᠷᠡᠭᠵᠢᠭᠦᠯᠬᠦ ᠠᠷᠭ᠎ᠠ︾ ᠳᠤ᠂ ᠪᠠᠶᠢᠭᠤᠯᠭ᠎ᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠠᠵᠢᠯ ᠠᠴᠠ ᠪᠠᠨ ᠠᠮᠠᠷᠠᠪᠠᠯ᠂ ᠺᠠᠳ᠋ᠷ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠡᠷᠬᠡ ᠮᠡᠳᠡᠯ ᠪᠠ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ | ᠵᠥᠪᠰᠢᠶᠡᠷᠡᠭᠦᠯᠦᠨ᠎ᠡ᠃ | ᠠᠰᠠᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠨᠢ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ | ᠦᠢᠯᠡᠴᠢᠯᠡᠭᠡ ᠵᠡᠷᠭᠡ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠣᠶ︖ | ᠬᠠᠷᠢᠭᠤᠯᠲᠠ᠄ ᠠᠵᠢᠯᠯᠠᠵᠤ ᠪᠠᠶᠢᠭ᠎ᠠ ᠨᠢᠭᠡᠴᠢ ᠨᠢ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ | ᠴᠠᠭ ᠨᠢ ᠣᠷᠣᠢ ᠦᠭᠡᠢ ᠲᠤᠰ ᠰᠠᠷ᠎ᠠ ᠳᠤ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠭᠠᠷᠳᠠᠨ | ᠭᠦᠢᠴᠡᠳᠬᠡᠬᠦ ᠪᠠᠶᠢᠭᠤᠯᠤᠮᠵᠢ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠠᠪᠬᠤ ᠭᠤᠶᠤᠴᠢᠯᠠᠯ | ᠭᠠᠷᠭᠠᠵᠤ᠂ ᠠᠵᠢᠯ ᠠᠴᠠ ᠪᠠᠨ ᠠᠮᠠᠷᠠᠭᠰᠠᠨ ᠴᠠᠭ ᠤᠨ ᠭᠤᠶᠤᠴᠢᠯᠠᠯ ᠤᠨ ᠪᠢᠴᠢᠭ ᠵᠡᠷᠭᠡ ᠮᠠᠲ᠋ᠧᠷᠢᠶᠠᠯ ᠢ ᠦᠨᠡᠨ | ᠪᠣᠳᠠᠲᠠᠢ ᠪᠠᠷ ᠬᠠᠩᠭᠠᠬᠤ ᠬᠡᠷᠡᠭᠲᠡᠢ᠃ | ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠮᠥᠩᠭᠦ ᠠᠪᠬᠤ ᠭᠤᠶᠤᠴᠢᠯᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠬᠤ ᠬᠡᠷᠡᠭᠲᠡᠶ᠃ ᠠᠵᠢᠯᠲᠠᠳ | ᠬᠢᠨᠠᠨ ᠬᠠᠷᠭᠤᠭᠤᠯᠵᠤ ᠪᠠᠲᠤᠯᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠴᠠᠭ ᠠᠴᠠ ᠡᠬᠢᠯᠡᠵᠦ ᠦᠨᠳᠦᠰᠦᠨ | ᠨᠠᠰᠤᠵᠢᠯ ᠤᠨ ᠮᠥᠩᠭᠦ ᠶᠢ ᠠᠪᠬᠤ ᠪᠣᠯᠣᠨ᠎ᠠ᠃ ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠨᠢ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠵᠢᠯ ᠣᠶᠢᠷ᠎ᠠ ᠪᠠᠶᠢᠭ᠎ᠠ ᠳᠠᠭᠠᠳᠬᠠᠯ ᠳᠤ | ᠣᠷᠣᠯᠴᠠᠭᠰᠠᠳ ᠲᠤ ᠠᠵᠢᠯ ᠠᠴᠠ ᠪᠠᠨ ᠪᠠᠭᠤᠵᠤ ᠠᠮᠠᠷᠠᠬᠤ ᠭᠠᠷᠳᠠᠮ ᠭᠦᠢᠴᠡᠳᠬᠡᠬᠦ ᠲᠤᠬᠠᠶ ᠤᠷᠢᠳᠴᠢᠯᠠᠨ | ᠵᠢᠯᠣᠭᠤᠳᠬᠤ ᠪᠠ ᠤᠷᠢᠳᠴᠢᠯᠠᠨ ᠬᠦᠯᠢᠶᠡᠨ ᠠᠪᠴᠤ ᠰᠢᠢᠳᠪᠤᠷᠢᠯᠡᠬᠦ ᠵᠡᠷᠭᠡ ᠦᠢᠯᠡᠴᠢᠯᠡᠭᠡᠨ ᠢ | ᠰᠠᠨᠠᠭᠠᠴᠢᠯᠠᠭ᠎ᠠ ᠠᠴᠠ ᠪᠠᠨ ᠬᠠᠩᠭᠠᠬᠤ ᠬᠡᠷᠡᠭᠲᠡᠶ᠃ | ᠠᠰᠠᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ | ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠳᠤ ᠶᠠᠮᠠᠷ ᠲᠠᠯ᠎ᠠ ᠪᠠᠷ ᠰᠢᠯᠢᠳᠡᠭᠵᠢᠭᠦᠯᠦᠨ | ᠲᠣᠬᠢᠷᠠᠭᠤᠯᠤᠯᠲᠠ ᠬᠢᠬᠦ ᠪᠣᠶ︖ | ᠬᠠᠷᠢᠭᠤᠯᠲᠠ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠳ ᠨᠡᠶᠢᠭᠡᠮ ᠤᠨ ᠪᠠᠲᠤᠯᠠᠭ᠎ᠠ ᠶᠢᠨ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ | ᠡᠭᠦᠳᠬᠦ ᠪᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠡᠷᠬᠢᠯᠡᠨ ᠭᠦᠢᠴᠡᠳᠬᠡᠬᠦ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ ᠨᠢᠭᠡ ᠳᠤ᠂ ︽ᠠᠵᠢᠯ ᠠᠴᠠ ᠪᠠᠨ | ᠠᠮᠠᠷᠠᠭᠰᠠᠨ ᠨᠢᠭᠡ ᠶᠠᠪᠤᠳᠠᠯ︾ ᠤᠨ ᠠᠵᠢᠯ ᠢ ᠶᠡᠬᠡᠪᠡᠷ ᠠᠬᠢᠭᠤᠯᠪᠠ᠃ ᠡᠯ᠎ᠡ ᠭᠠᠵᠠᠷ ᠢ ᠵᠣᠬᠢᠶᠠᠨ ᠪᠠᠶᠢᠭᠤᠯᠤᠨ | ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠯᠠᠭ᠎ᠠ ᠮᠥᠴᠢᠷ | ᠠᠯᠤᠰᠯᠠᠭᠰᠠᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠢᠶᠠᠷ ᠬᠠᠮᠵᠢᠯᠴᠠᠬᠤ ᠪᠠ ᠲᠤᠭ᠎ᠠ | ᠪᠠᠷᠢᠮᠲᠠ ᠶᠢ ᠬᠠᠮᠲᠤ ᠪᠠᠷ ᠭᠥᠷᠳᠡᠬᠦ ᠶᠢ ᠴᠢᠩᠭᠠᠷᠠᠭᠤᠯᠤᠨ᠂ ᠠᠵᠢᠯ ᠠᠴᠠ ᠪᠠᠨ ᠠᠮᠠᠷᠠᠭᠰᠠᠨ ᠬᠠᠮᠢᠶ᠎ᠠ ᠪᠥᠬᠦᠶ | ᠬᠠᠮᠲᠤᠷᠠᠨ ᠬᠦᠢᠴᠡᠳᠬᠡᠬᠦ ᠵᠣᠶᠢᠯᠡᠰ ᠢ ︽ᠨᠢᠭᠡ ᠬᠦᠰᠦᠨᠦᠭᠲᠦ ᠪᠠᠷ ᠭᠤᠶᠤᠴᠢᠯᠠᠨ ᠮᠡᠳᠡᠭᠦᠯᠬᠦ᠂ ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ | ᠪᠡᠶᠡᠯᠡᠭᠦᠯᠵᠦ᠂ ᠬᠥᠮᠦᠨ ᠬᠡᠷᠡᠭᠯᠡᠬᠦ ᠨᠢᠭᠡᠴᠢ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ | ᠳᠡᠭᠡᠭᠰᠢᠯᠡᠭᠦᠯᠦᠨ᠎ᠡ᠃ ᠬᠤᠶᠠᠷ ᠲᠤ᠂ ᠠᠵᠢᠯ ᠠᠴᠠ ᠪᠠᠨ ᠪᠠᠭᠤᠵᠤ ᠠᠮᠠᠷᠠᠬᠤ ᠶᠢ ᠰᠠᠨᠠᠭᠤᠯᠬᠤ ᠦᠢᠯᠡᠴᠢᠯᠡᠭᠡ ᠶᠢ | ᠠᠯᠬᠤᠮ ᠠᠯᠬᠤᠮ ᠢᠶᠠᠷ ᠥᠷᠨᠢᠭᠦᠯᠦᠨ᠎ᠡ᠃ ᠠᠵᠢᠯ ᠠᠴᠠ ᠪᠠᠨ ᠠᠮᠠᠷᠠᠬᠤ ᠨᠠᠰᠤᠨ ᠳᠤ ᠣᠶᠢᠷᠠᠳᠬᠤ ᠳᠠᠭᠠᠳᠬᠠᠯ ᠳᠤ | ᠣᠷᠣᠯᠴᠠᠭᠰᠠᠳ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠠᠭᠠᠳᠬᠠᠯ ᠳᠤ ᠣᠷᠣᠯᠴᠠᠭᠰᠠᠳ ᠲᠤ | ᠠᠵᠢᠯ ᠠᠴᠠ ᠪᠠᠨ ᠠᠮᠠᠷᠠᠬᠤ ᠴᠠᠭ ᠢ ᠤᠷᠢᠳᠴᠢᠯᠠᠨ ᠰᠠᠨᠠᠭᠤᠯᠬᠤ ᠶᠢ ᠪᠣᠳᠣᠯᠬᠢᠯᠠᠵᠤ᠂ ᠳᠠᠭᠠᠳᠬᠠᠯ ᠳᠤ | ᠣᠷᠣᠯᠴᠠᠭᠰᠠᠳ ᠲᠤ ᠠᠵᠢᠯ ᠠᠴᠠ ᠪᠠᠨ ᠠᠮᠠᠷᠠᠬᠤ ᠭᠠᠷᠳᠠᠮ ᠭᠦᠢᠴᠡᠳᠬᠡᠬᠦ ᠶᠠᠪᠤᠴᠠ ᠪᠠ ᠠᠷᠭ᠎ᠠ ᠵᠠᠮ ᠢ ᠬᠡᠯᠡᠵᠦ | ᠥᠭᠬᠦ ᠬᠡᠷᠡᠭᠲᠡᠶ᠃ ᠭᠤᠷᠪᠠ ᠳᠤ᠂ ᠠᠵᠢᠯ ᠠᠴᠠ ᠪᠠᠨ ᠠᠮᠠᠷᠠᠬᠤ ᠳᠤ ᠤᠷᠢᠳᠴᠢᠯᠠᠨ ᠦᠢᠯᠡᠴᠢᠯᠡᠬᠦ ᠦᠢᠯᠡᠴᠢᠯᠡᠭᠡ ᠶᠢ | ᠠᠭᠠᠵᠢᠮ ᠢᠶᠠᠷ ᠬᠡᠷᠡᠭᠵᠢᠭᠦᠯᠦᠨ᠎ᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠳᠤᠷᠠᠳᠤᠭᠰᠠᠨ ᠬᠠᠮᠢᠶ᠎ᠠ | ᠪᠦᠬᠦᠢ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠤᠶᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠬᠠᠷᠢᠴᠠᠭ᠎ᠠ ᠶᠢ ᠴᠤᠭᠯᠠᠭᠤᠯᠤᠨ ᠨᠡᠶᠢᠯᠡᠭᠦᠯᠬᠦ ᠵᠡᠷᠭᠡ ᠲᠤᠬᠠᠶᠢᠯᠠᠭᠰᠠᠨ ᠠᠵᠢᠯ ᠤᠨ ᠭᠤᠶᠤᠴᠢᠯᠠᠯ ᠢ | ᠤᠷᠢᠳᠴᠢᠯᠠᠨ ᠬᠦᠯᠢᠶᠡᠨ ᠠᠪᠴᠤ ᠰᠢᠢᠳᠪᠤᠷᠢᠯᠡᠵᠤ᠂ ᠳᠠᠭᠠᠳᠬᠠᠯ ᠳᠤ ᠣᠷᠣᠯᠴᠠᠭᠰᠠᠳ ᠤᠨ ᠥᠩᠭᠡᠷᠡᠭᠰᠡᠨ | ᠵᠢᠯ ᠤᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠢ ᠤᠷᠢᠳᠴᠢᠯᠠᠨ ᠣᠶᠢᠯᠠᠭᠠᠬᠤ ᠳᠤ | ᠳᠥᠭᠦᠮ ᠦᠵᠡᠭᠦᠯᠬᠦ ᠬᠡᠷᠡᠭᠲᠡᠶ᠃ | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | | | | | | | |