ᠲᠠᠪᠤᠳᠠᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠠᠶᠠᠷᠯᠠᠨ ᠤᠭᠲᠤᠶ᠎ᠠ - ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠵᠢᠯ ᠢ ᠤᠭᠲᠤᠬᠤ ᠵᠢᠴᠢ ᠲᠠᠪᠤᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠬᠠᠮᠲᠤᠷᠠᠭᠰᠠᠨ ᠨᠠᠶᠢᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/9
   ᠲᠠᠪᠤᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠡᠷᠡᠮᠡᠬᠡᠶᠢᠯᠡᠨ ᠳᠠᠪᠰᠢᠬᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠲᠥᠯᠥᠭᠡ᠂ ᠪᠥᠬᠦ ᠴᠠᠭᠳᠠᠭ᠎ᠠ ᠶᠢᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠥᠯᠥ ᠮᠠᠷᠲᠠᠵᠤ᠂ ᠴᠠᠭᠳᠠᠭᠠᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠴᠠᠭᠳᠠᠭ᠎ᠠ ᠶᠢᠨ ᠬᠦᠴᠦᠨ ᠴᠢᠳᠠᠯ ᠢ ᠨᠢᠭᠲᠠᠷᠠᠭᠤᠯᠤᠨ᠂ ᠴᠠᠭᠳᠠᠭᠠᠨ ᠤ ᠡᠷᠴᠢ ᠵᠣᠷᠢᠭ ᠢ ᠬᠥᠪᠴᠢᠯᠡᠬᠦ ᠶᠢ ᠵᠣᠷᠢᠭᠵᠢᠭᠤᠯᠪᠠ᠃ ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠵᠢᠯ ᠢ ᠤᠭᠲᠤᠬᠤ ᠵᠢᠴᠢ ᠲᠠᠪᠤᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠦ᠋ ᠵᠢᠶᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃
   ᠲᠤᠭ ᠮᠠᠨᠳᠤᠭᠤᠯᠬᠤ ᠶᠣᠰᠣᠯᠠᠯ ᠳᠡᠭᠡᠷ᠎ᠡ᠂ ᠵᠢᠷᠭᠤᠭᠠᠨ ᠲᠤᠭᠴᠢ ᠴᠤᠭ ᠵᠢᠪᠬᠤᠭ᠎ᠠ ᠪᠠᠳᠠᠷᠠᠨ ᠤᠯᠤᠰ ᠤᠨ ᠲᠤᠭ ᠮᠠᠨᠳᠤᠭᠤᠯᠬᠤ ᠲᠠᠶᠢᠰᠠᠨ ᠵᠦᠭ ᠠᠯᠬᠤᠵᠤ᠂ ᠢᠳᠡᠷᠡᠭᠦᠨ ᠳᠣᠷᠪᠢᠲᠠᠶ ᠢᠳᠡᠷᠡᠭᠦᠨ ᠠᠯᠬᠤᠭ᠎ᠠ ᠪᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠲᠤᠭ ᠮᠠᠨᠳᠤᠭᠤᠯᠵᠤ ᠠᠯᠭᠤᠷᠬᠠᠨ ᠮᠠᠨᠳᠤᠪᠠ᠃ ᠳᠠᠷᠠᠭ᠎ᠠ ᠳᠤᠨᠢ᠂ ᠹᠦ᠋ ᠵᠢᠶᠠᠨ ᠤ ᠳᠠᠭᠠᠭᠤᠯᠭ᠎ᠠ ᠳᠣᠣᠷ᠎ᠠ᠂ ᠪᠦᠬᠦ ᠠᠷᠠᠳ ᠤᠨ ᠲᠤᠰᠠᠯᠠᠬᠤ ᠴᠠᠭᠳᠠᠭ᠎ᠠ ᠪᠠᠷᠠᠭᠤᠨ ᠭᠠᠷ ᠢᠶᠠᠨ ᠥᠨᠳᠥᠷ ᠡᠷᠭᠦᠵᠦ᠂ ᠴᠠᠭᠳᠠᠭᠠᠨ ᠤ ᠲᠤᠭ ᠦᠭᠡᠲᠡ ᠬᠠᠨᠳᠤᠵᠤ᠂ ᠲᠥᠪ ᠴᠢᠩᠭ᠎ᠠ ᠪᠠᠷ ᠲᠠᠩᠭᠠᠷᠢᠭᠯᠠᠵᠤ᠂ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃
   ᠦᠳᠡᠰᠢᠯᠡᠭᠡ ᠳᠡᠭᠡᠷ᠎ᠡ᠂ ᠲᠣᠭᠯᠠᠭᠴᠢᠳ ᠬᠠᠩᠭᠢᠨᠠᠮ᠎ᠠ ᠰᠠᠶᠢᠬᠠᠨ ᠰᠢᠯᠦᠭ  ᠤᠶᠠᠩᠭᠠᠯᠠᠵᠤ᠂ ᠥᠭᠡᠳᠡᠯᠡᠨ ᠳᠠᠪᠰᠢᠬᠤ ᠳᠠᠭᠤᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠥᠵᠢᠭ ᠢᠶᠠᠷ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠶᠢᠨ ᠴᠤᠭ ᠪᠠᠳᠠᠷᠠᠩᠭᠤᠶ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠨᠠᠷᠢᠨ ᠨᠢᠮᠪᠠᠶ ᠲᠥᠯᠥᠪᠯᠡᠭᠰᠡᠨ ᠵᠢᠵᠢᠭ ᠲᠣᠭᠯᠠᠭᠠᠮ ᠨᠢ ᠲᠤᠬᠠᠶ ᠶᠢᠨ ᠲᠠᠯᠠᠪᠤᠷ ᠤᠨ ᠬᠥᠮᠦᠰ ᠲᠤ ᠪᠠᠴᠢᠮ ᠠᠵᠢᠯ ᠤᠨ ᠳᠠᠷᠤᠯᠲᠠ ᠶᠢ ᠥᠭᠴᠦ᠂ ᠲᠦᠷ ᠴᠠᠭ ᠤᠨ ᠰᠤᠯᠠ ᠲᠠᠯᠪᠢᠬᠤ ᠪᠠ ᠠᠮᠠᠷᠠᠭᠤᠯᠤᠨ᠎ᠠ᠃ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠳᠠᠭᠤᠤ ᠶᠢᠨ ᠳᠤᠮᠳᠠ᠂ ᠪᠦᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠬᠠᠮᠲᠤ ᠪᠠᠷ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠠᠭᠤᠤ ᠶᠡᠭᠡ ᠡᠬᠡ ᠤᠯᠤᠰ ᠲᠠᠭᠠᠨ ᠬᠦᠨᠳᠦᠳᠬᠡᠯ ᠳᠡᠪᠰᠢᠭᠦᠯᠪᠡ᠃
   ᠹᠦ᠋ ᠵᠢᠶᠠᠨ ᠪᠠᠶᠠᠷ ᠤᠨ ᠦᠭᠡ ᠳᠡᠭᠡᠨ᠂ ᠥᠩᠭᠡᠷᠡᠭᠰᠡᠨ ᠨᠢᠭᠡ ᠵᠢᠯ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠪᠦᠬᠦ ᠣᠷᠣᠨ ᠤ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠬᠡᠷᠡᠭᠵᠢᠭᠦᠯᠵᠦ᠂ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠭᠤᠣᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠠᠷᠢᠴᠠᠯᠠᠰᠢ ᠥᠬᠡᠶ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠪᠣᠳᠠᠲᠤ ᠳᠠᠶᠢᠨ ᠤ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠦᠨᠳᠦᠰᠦᠨ ᠱᠠᠲᠤᠨ ᠤ ᠤᠳᠤᠷᠢᠳᠤᠮᠵᠢ᠂ ᠦᠷ᠎ᠡ ᠪᠦᠲᠦᠮᠵᠢ ᠶᠢᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠶᠢ ᠡᠭᠦᠳᠬᠦ᠂ ᠰᠠᠨᠠᠭᠠᠴᠢᠯᠠᠭ᠎ᠠ ᠠᠴᠠ ᠪᠠᠨ᠂ ᠵᠢᠷᠤᠮᠵᠢᠭᠤᠯᠬᠤ᠂ ᠬᠠᠮᠵᠢᠯᠴᠠᠬᠤ᠂ ᠪᠣᠳᠠᠲᠠᠶ ᠶᠢ ᠡᠷᠬᠢᠮᠯᠡᠬᠦ︾ ᠰᠢᠨ᠎ᠡ ᠴᠠᠭᠳᠠᠭᠠᠨ ᠤ ᠶᠠᠪᠤᠳᠠᠯ ᠤᠨ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ︽ᠲᠤᠰᠬᠠᠶ ᠮᠡᠷᠭᠡᠵᠢᠯ ᠤᠨ ᠲᠣᠭᠲᠠᠴᠠ ᠶᠢᠨ ᠲᠣᠮᠣ ᠳ᠋ᠠᠶᠢᠲ᠋ᠠ︾ ᠶᠢᠨ ᠰᠢᠨ᠎ᠡ ᠠᠵᠢᠯᠯᠠᠭᠠᠨ ᠤ ᠵᠠᠭᠪᠤᠷ ᠢᠶᠠᠷ ᠵᠠᠩᠭᠢᠯᠠᠭ᠎ᠠ ᠪᠣᠯᠭᠠᠵᠤ᠂ ᠰᠢᠨ᠎ᠡ ᠮᠡᠷᠭᠡᠵᠢᠯ ᠤᠨ ᠲᠣᠨᠤᠭ ᠲᠥᠬᠦᠭᠡᠷᠦᠮᠵᠢ ᠪᠠᠷ ᠲᠤᠯᠭᠠᠭᠤᠷᠢᠯᠠᠯ ᠪᠣᠯᠭᠠᠵᠤ᠂ ᠰᠢᠨ᠎ᠡ ᠬᠠᠮᠢᠶᠠᠷᠤᠯᠲᠠ ᠶᠢᠨ ᠰᠢᠰᠲ᠋ᠧᠮ ᠢᠶᠠᠷ ᠪᠠᠲᠤᠯᠠᠭ᠎ᠠ ᠪᠣᠯᠭᠠᠵᠤ᠂ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠥᠨᠳᠥᠷ ᠲᠦᠪᠰᠢᠨ ᠢᠶᠠᠷ ᠠᠬᠢᠭᠤᠯᠵᠤ᠂ ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠬᠤ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠦᠨ᠎ᠡ᠃                 ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠯᠢ ᠷᠦᠩ ᠰᠢᠨ                 ᠤᠷᠴᠢᠭᠤᠯᠤᠭᠴᠢ᠄ ᠰᠤᠷᠤᠨ᠎ᠠ                 ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号