ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/9
   ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ    ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠤᠯᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ    ︵2025 ᠣᠨ ᠤ 1 ᠰᠠᠷ᠎ᠠ ᠶᠢᠨ 8 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ‌ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠭᠦᠳᠡ ᠬᠤᠷᠠᠯ ᠠᠴᠠ ᠪᠠᠳᠤᠯᠠᠪᠠ︶    ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 8 ᠤ ᠡᠳᠦᠷ ᠬᠤᠰᠢᠭᠤᠨ ᠤ ᠰᠣᠶᠣᠯ ᠤᠨ ᠦᠵᠡᠰᠬᠦᠯᠡᠩ ᠤᠨ ᠲᠥᠪ ᠲᠤ ᠬᠤᠷᠠᠯᠳᠤᠪᠠ᠃    ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 32 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ ᠪᠠ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
   ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠲᠣᠰ ᠲᠣᠰ ᠶᠠᠷᠢᠶ᠎ᠠ ᠲᠠᠯᠪᠢᠪᠠ᠃    ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
   ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠤᠬᠠᠮᠰᠠᠷ ᠢ ᠦᠢᠯᠡᠳᠦᠯᠭᠡᠵᠢᠭᠦᠯᠵᠦ᠂ ︽ᠬᠤᠶᠠᠷ ᠶᠡᠭᠡ ᠶᠠᠪᠤᠳᠠᠯ︾ ᠢ ᠭᠦᠨᠵᠡᠭᠡᠶ ᠠᠬᠢᠭᠤᠯᠵᠤ᠂ ᠵᠢᠷᠭᠤᠭᠠᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠵᠤ ᠠᠬᠤᠶ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃    ᠪᠥᠬᠦᠳᠡ ᠬᠤᠷᠠᠯ ᠠᠴᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠵᠤᠭᠠᠴᠠᠯ ᠳᠤ ᠣᠷᠣᠬᠤ︾ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃    ᠪᠦᠬᠦᠳᠡ ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ ᠡᠯ᠎ᠡ ᠲᠠᠯ᠎ᠠ ᠪᠦᠬᠦ ᠶᠠᠪᠤᠴᠠ ᠳᠤ ᠡᠷᠡᠰ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠤᠷᠲᠠᠯ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠡᠮᠡᠭᠳᠡᠯ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠪᠠᠶᠢᠳᠠᠯ ᠢ ᠲᠠᠭᠠᠨ ᠠᠵᠢᠯᠯᠠᠵᠤ᠂ ᠰᠠᠨᠠᠭᠠᠴᠢᠯᠠᠭᠠᠲᠤ ᠡᠷᠬᠡ ᠶᠢ ᠲᠡᠮᠡᠴᠡᠨ ᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠲᠥᠯᠥᠪᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ︽ᠲᠠᠶᠢᠯᠪᠦᠷᠢᠯᠠᠬᠤ ᠰᠡᠳᠬᠢᠬᠦᠶ︾᠂ ᠥᠭᠡᠷᠡᠴᠢᠯᠡᠯᠲᠡ ᠶᠢᠨ ᠰᠡᠳᠬᠢᠴᠡ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠶᠢ ᠳᠡᠭᠡᠭᠰᠢᠯᠡᠭᠦᠯᠬᠦ᠂ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠬᠡᠷᠡᠭᠲᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠡᠭᠡᠳᠦ ᠪᠠᠶᠢᠷᠢ ᠠᠴᠠ ᠠᠬᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠲᠥᠷᠥᠯ ᠵᠦᠢᠯ ᠢ ᠣᠷᠣᠭᠤᠯᠤᠨ ᠠᠪᠴᠢᠷᠠᠬᠤ ᠣᠨᠣᠪᠴᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠪᠣᠯᠪᠠᠰᠤᠷᠠᠩᠭᠤᠶ ᠬᠡᠮᠵᠢᠶ᠎ᠡ᠂ ᠪᠥᠲᠥᠭᠡᠨ ᠪᠠᠶᠢᠭᠤᠯᠤᠯᠲᠠ ᠶᠢᠨ ᠬᠦᠴᠦᠨ ᠲᠠᠢ ᠬᠤᠭᠤᠴᠠᠭ᠎ᠠ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠠᠵᠢᠯ ᠤᠨ ᠦᠷ᠎ᠡ ᠪᠦᠲᠦᠮᠵᠢ ᠶᠢᠨ ᠬᠤᠷᠳᠤᠴᠠ ᠶᠢ ᠲᠦᠷᠭᠡᠳᠬᠡᠬᠦ᠂ ᠠᠰᠠᠭᠤᠳᠠᠯ ᠢ ᠰᠢᠢᠳᠪᠦᠷᠢᠯᠡᠵᠦ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠨ᠂ ᠨᠠᠩ ᠣᠯᠠᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠶ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠤᠰᠤ ᠠᠷᠪᠢᠯᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠠᠮᠢ ᠠᠬᠤᠶ ᠶᠢᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠤᠰᠤ ᠠᠷᠪᠢᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠪᠡᠭᠡᠵᠢᠩ ᠲᠢᠶᠠᠨᠵᠢᠨ ᠾᠧᠪᠧᠢ ᠪᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ ᠤᠯᠠᠭᠠᠨᠴᠠᠪ - ᠡᠷᠢᠶᠡᠨ ᠬᠤᠲᠠ ᠶᠢᠨ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠲᠦᠷᠭᠡᠨ ᠲᠡᠷᠭᠡᠨ ᠳᠤ ᠰᠠᠭᠤᠵᠤ᠂ ︽ᠨᠡᠪᠲᠡᠷᠡᠬᠦ ᠵᠠᠮ ᠤᠨ ᠠᠵᠤ ᠠᠬᠤᠶ︾ ᠶᠢ ︽ᠰᠠᠭᠤᠷᠢᠰᠢᠭᠰᠠᠨ ᠠᠵᠤ ᠠᠬᠤᠶ︾ ᠪᠣᠯᠭᠠᠨ ᠬᠤᠪᠢᠷᠠᠭᠤᠯᠤᠨ᠎ᠠ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠰᠤᠳᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠠᠭᠤᠰᠤᠯᠴᠠᠬᠤ ᠶᠢ ᠤᠶᠠᠯᠳᠤᠭᠤᠯᠬᠤ ᠶᠢ ᠰᠠᠶᠢᠲᠤᠷ ᠬᠢᠵᠦ᠂ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠫᠷᠤᠭ᠍ᠷᠠᠮ ᠢ ᠵᠣᠬᠢᠶᠠᠨ ᠪᠦᠲᠦᠭᠡᠵᠦ᠂ ᠨᠡᠩ ᠤᠯᠠᠨ ᠭᠠᠯᠲᠤ ᠠᠭᠤᠯᠠ ᠶᠢᠨ ᠵᠢᠭᠤᠯᠴᠢᠯᠠᠯ ᠤᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠠᠷᠭᠠᠵᠤ᠂ ︽ᠤᠮᠠᠷᠠᠲᠤ ᠬᠢᠯᠢ ᠶᠢᠨ ᠰᠣᠶᠣᠯ ᠭᠠᠯᠲᠤ ᠠᠭᠤᠯᠠ ᠶᠢᠨ ᠲᠠᠯ᠎ᠠ ᠨᠤᠲᠤᠭ︾ ᠤᠨ ᠠᠭᠤᠰᠤᠯᠴᠠᠯ ᠤᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ᠃   ᠪᠦᠬᠦᠳᠡ ᠬᠤᠷᠠᠯ ᠠᠴᠠ᠂ ᠲᠤᠰ ᠭᠠᠵᠠᠷ ᠣᠷᠣᠨ ᠤ ᠪᠠᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠲᠠᠯ᠎ᠠ ᠪᠠᠷ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠭᠦᠯᠳᠡᠷ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ︽ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠴᠠᠬᠢᠯᠠᠭᠤᠷ ᠴᠢᠯᠠᠭᠤ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠴᠣᠭᠴᠠᠯᠠᠬᠤ ᠬᠡᠷᠡᠭᠲᠡᠢ᠃ 5A ᠲᠡᠰ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠴᠢᠳᠠᠪᠬᠢ ᠶᠢ ᠥᠷᠭᠡᠳᠬᠡᠵᠦ᠂ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠲᠣᠰᠬᠤᠨ ᠢ ᠬᠦᠴᠦᠷᠬᠡᠭᠵᠢᠭᠦᠯᠬᠦ ᠺᠣᠮᠫᠠᠨᠢ᠂ ᠬᠡᠰᠡᠭ ᠲᠣᠭᠤᠷᠢᠭ ᠪᠦᠯᠬᠦᠮ᠂ ᠰᠢᠭᠤᠳ ᠬᠤᠷᠰᠢᠯᠴᠠᠨ ᠬᠥᠭᠵᠢᠭᠦᠯᠬᠦ ᠪᠠᠷ ᠳᠠᠮᠵᠢᠭᠤᠯᠵᠤ᠂ ᠡᠯ᠎ᠡ ᠲᠦᠷᠦᠯ ᠤᠨ ᠪᠡᠯᠡ ᠮᠥᠩᠭᠦ ᠶᠢ ᠭᠤᠣᠯᠳᠠᠯᠭ᠎ᠠ ᠲᠠᠢ ᠲᠦᠷᠦᠯ ᠵᠦᠢᠯ ᠭᠤᠣᠯᠳᠠᠯᠭ᠎ᠠ ᠲᠠᠢ ᠣᠷᠣᠨ ᠪᠦᠰᠡ ᠳᠤ ᠲᠥᠪᠯᠡᠷᠡᠭᠦᠯᠦᠨ ᠣᠷᠣᠭᠤᠯᠵᠤ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ᠃    ᠪᠦᠬᠦᠳᠡ ᠬᠤᠷᠠᠯ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠵᠢᠯ ᠰᠢᠨ᠎ᠡ ᠠᠬᠢᠴᠠ ᠲᠠᠢ ᠪᠣᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠭᠦᠷᠢᠳᠡ ᠲᠣᠭᠲᠠᠪᠤᠷᠢᠵᠢᠭᠤᠯᠵᠤ᠂ ᠬᠦᠬᠡ ᠣᠭᠲᠠᠷᠭᠤᠢ ᠶᠢ ᠡᠭᠦᠷᠢᠳᠡ ᠰᠠᠭᠤᠯᠭᠠᠬᠤ ᠬᠡᠷᠡᠭᠲᠡᠢ᠃ ᠬᠤᠳᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷ᠂ ᠤᠶᠤᠨᠲᠤ ᠬᠤᠳᠠ ᠪᠠᠯᠭᠠᠰᠤ ᠶᠢ ᠪᠠᠶᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠰᠤᠷᠭᠠᠨ ᠬᠥᠮᠦᠵᠢᠯ ᠡᠮ ᠡᠮᠨᠡᠯᠭᠡ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠦᠢᠯᠡᠳᠪᠦᠷᠢᠯᠡᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃    ᠪᠦᠬᠦᠳᠡ ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠩᠭᠢᠯᠠᠭ᠎ᠠ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤ ᠪᠤᠢ᠃ ᠰᠦᠭ ᠰᠦᠨᠡᠰᠦ ᠶᠢ ᠱᠤᠭᠤᠵᠤ ᠠᠶᠠᠯᠠᠯ ᠢ ᠵᠠᠮᠴᠢᠯᠠᠬᠤ᠂ ᠰᠠᠭᠤᠷᠢ ᠶᠢ ᠬᠦᠴᠦᠷᠬᠡᠭᠵᠢᠭᠦᠯᠵᠦ ᠡᠨᠧᠷᠭᠢ ᠣᠯᠭᠤᠬᠤ ᠢᠨᠵᠧᠨᠧᠷᠢᠩ᠂ ᠡᠷᠳᠡᠮᠲᠡᠨ ᠴᠢᠳᠠᠪᠤᠷᠢᠲᠠᠨ ᠢ ᠰᠣᠩᠭᠤᠨ ᠡᠨᠧᠷᠭᠢ ᠲᠣᠮᠢᠯᠠᠬᠤ ᠢᠨᠵᠧᠨᠧᠷᠢᠩ᠂ ᠰᠤᠷᠲᠠᠯ ᠢ ᠴᠡᠭᠴᠡᠯᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠢᠨᠵᠧᠨᠧᠷᠢᠩ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠭᠤᠤ ᠮᠢᠩ ᠿᠦ᠂ ᠬᠤ᠋ ᠶᠠᠨ ᠹᠧᠩ᠂ ᠴᠢᠦᠶ ᠯᠢ ᠱᠧᠩ᠂ ᠯᠢ ᠴᠢ ᠹᠧᠩ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠪᠠ᠃    ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠣᠷᠢᠭ ᠰᠠᠨᠠᠭ᠎ᠠ ᠪᠠᠨ ᠬᠥᠪᠴᠢᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠲᠡᠶᠢᠰᠢ ᠤᠯᠠᠮ ᠨᠢᠭᠡ ᠠᠯᠬᠤᠮ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠤᠷᠢᠶᠠᠯᠠᠪᠠ᠃                                     ᠤᠷᠴᠢᠭᠤᠯᠤᠭᠴᠢ᠄ ᠰᠤᠷᠤᠨ᠎ᠠ                                   ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号