ᠰᠢᠨᠬᠤᠸᠠ ᠬᠤᠷᠢᠶᠠᠨ ᠤ ᠳ᠋ᠠᠯᠢᠶᠠᠨ ᠤ 2 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ | ᠵᠠᠩ ᠪᠦᠸᠧ ᠴᠢᠶᠦ᠋ᠨ︶ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠰᠡᠭᠦᠯ ᠪᠤᠯᠵᠤ ᠪᠠᠶᠢᠨ᠎ᠠ᠂ ᠠᠵᠢᠯ | ᠡᠬᠢᠯᠡᠬᠦ ᠭᠡᠵᠦ ᠪᠠᠶᠢᠭ᠎ᠠ ᠦᠶ᠎ᠡ ᠳᠤ᠂ ᠵᠠᠷᠢᠮ ᠬᠥᠮᠦᠰ ᠪᠡᠶ᠎ᠡ ᠶᠠᠳᠠᠷᠠᠵᠤ ᠪᠠᠶᠢᠬᠤ᠂ ᠤᠷᠮ᠎ᠠ ᠰᠡᠳᠭᠢᠯᠭᠡ ᠮᠠᠭᠤ | ᠪᠠᠶᠢᠬᠤ᠂ ᠨᠤᠶᠢᠷ ᠬᠤᠯᠵᠢᠬᠤ᠂ ᠢᠳᠡᠭᠡᠨ ᠤ ᠳᠤᠷᠠᠰᠢᠯ ᠲᠣᠭᠲᠠᠪᠤᠷᠢ ᠦᠭᠡᠢ ᠪᠠᠶᠢᠬᠤ ᠵᠢᠴᠢ ᠬᠤᠳᠣᠭᠤᠳᠣ ᠭᠡᠳᠡᠰᠦ | ᠡᠪ ᠦᠭᠡᠢ ᠪᠠᠶᠢᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡ᠃ ᠡᠨᠡ ᠨᠢ ᠪᠠᠶᠠᠷ ᠳᠤᠷᠠᠰᠬᠠᠯ ᠤᠨ ᠡᠳᠦᠷ ᠤᠨ | ᠶᠡᠷᠦᠩᠬᠡᠢ ᠭᠡᠮ ᠪᠠᠶᠢᠵᠤ ᠮᠡᠳᠡᠨ᠎ᠡ ᠭᠡᠵᠦ ᠲᠤᠰᠬᠠᠢ ᠮᠡᠷᠭᠡᠵᠢᠯᠲᠡᠳ ᠰᠠᠨᠠᠭᠤᠯᠵᠤ ᠪᠠᠶᠢᠨ᠎ᠠ᠃ | ᠳ᠋ᠠᠯᠢᠶᠠᠨ ᠬᠤᠲᠠ ᠶᠢᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ | ᠡᠷᠬᠢᠯᠡᠭᠴᠢ ᠬᠢᠲᠠᠳ ᠡᠮᠴᠢ ᠵᠧᠦ ᠵᠧᠩ ᠭᠦᠸᠧ ᠬᠡᠯᠡᠬᠦ ᠳᠤ ᠪᠠᠨ᠂ ︽ᠪᠠᠶᠠᠷ ᠤᠨ ᠳᠠᠷᠠᠭᠠᠬᠢ ᠶᠡᠷᠦᠩᠬᠡᠢ ᠭᠡᠮ︾ ᠨᠢ | ᠠᠨᠠᠭᠠᠬᠤ ᠤᠬᠠᠭᠠᠨ ᠤ ᠲᠠᠯ᠎ᠠ ᠪᠠᠷ ᠡᠪᠡᠳᠴᠢᠨ ᠪᠢᠰᠢ᠂ ᠬᠠᠷᠢᠨ ᠨᠢᠭᠡ ᠵᠦᠢᠯ ᠤᠨ ᠨᠠᠵᠠᠭᠠᠢ ᠪᠡᠶ᠎ᠡ ᠰᠡᠳᠭᠢᠯ ᠤᠨ | ᠪᠠᠶᠢᠳᠠᠯ ᠪᠣᠯᠤᠨ᠎ᠠ᠂ ᠭᠡᠪᠡᠴᠦ ᠲᠡᠭᠦᠨ ᠤ ᠠᠪᠴᠢᠷᠠᠭᠰᠠᠨ ᠨᠥᠯᠥᠭᠡ ᠶᠢ ᠤᠮᠳᠤᠭᠠᠶᠢᠯᠠᠵᠤ ᠪᠣᠯᠬᠤ ᠦᠭᠡᠢ᠂ ᠡᠨᠡ ᠨᠢ | ᠳᠣᠣᠷᠠᠬᠢ ᠭᠤᠷᠪᠠᠨ ᠲᠠᠯ᠎ᠠ ᠠᠴᠠ ᠡᠭᠦᠰᠴᠦ᠂ ᠪᠡᠶ᠎ᠡ ᠰᠡᠳᠭᠢᠯ ᠤᠨ ᠪᠠᠶᠢᠳᠠᠯ ᠢᠶᠠᠨ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠬᠡᠪ ᠤᠨ ᠠᠮᠢᠳᠤᠷᠠᠯ ᠤᠨ ᠬᠥᠭ ᠠᠶᠠᠰ ᠢᠶᠠᠨ ᠲᠦᠷᠭᠡᠬᠡᠨ ᠰᠡᠷᠭᠦᠭᠡᠵᠦ ᠪᠣᠯᠤᠨ᠎ᠠ᠃ | ᠨᠢᠭᠡ ᠳᠤ᠂ ᠵᠢᠮ᠎ᠡ ᠶᠣᠰᠣ ᠪᠠᠷ ᠠᠵᠢᠯᠯᠠᠵᠤ ᠠᠮᠠᠷᠠᠬᠤ᠂ ᠴᠠᠭᠠᠨ ᠰᠠᠷ᠎ᠠ ᠶᠢᠨ ᠬᠤᠭᠤᠴᠠᠭᠠᠨ ᠳᠤ ᠰᠥᠨᠢᠵᠢᠨ | ᠤᠨᠲᠠᠭᠰᠠᠨ ᠠᠴᠠ ᠪᠣᠯᠤᠭᠰᠠᠨ ᠠᠮᠢᠳᠤ ᠪᠣᠳᠠᠰ ᠤᠨ ᠴᠠᠭ ᠨᠢ ᠡᠮᠬᠢ ᠵᠠᠮᠪᠠᠷᠠᠭ᠎ᠠ ᠦᠭᠡᠢ ᠪᠣᠯᠤᠭᠰᠠᠨ ᠪᠠᠶᠢᠨ᠎ᠠ᠃ ︽ | ᠤᠨᠲᠠᠬᠤ ᠠᠴᠠ ᠪᠠᠨ ᠡᠮᠦᠨ᠎ᠡ 1 ᠠᠴᠠ 2 ᠴᠠᠭ ᠪᠣᠯᠲᠠᠯ᠎ᠠ ᠵᠣᠬᠢᠬᠤ ᠬᠡᠮᠵᠢᠶ᠎ᠡ ᠪᠠᠷ ᠬᠥᠳᠡᠯᠭᠡᠭᠡᠨ ᠬᠢᠵᠦ᠂ | ᠤᠨᠲᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠲᠤᠰᠠᠲᠠᠢ᠂ ᠪᠡᠶ᠎ᠡ ᠮᠠᠬᠠᠪᠣᠳ ᠢᠶᠠᠨ ᠬᠠᠪᠰᠤᠷᠤᠨ ᠵᠣᠬᠢᠴᠠᠭᠤᠯᠵᠤ᠂ | ᠵᠢᠮ᠎ᠡ ᠶᠣᠰᠣ ᠪᠠᠷ ᠠᠵᠢᠯᠯᠠᠵᠤ ᠠᠮᠠᠷᠠᠬᠤ ᠪᠠᠨ ᠲᠦᠷᠭᠡᠬᠡᠨ ᠰᠡᠷᠭᠦᠭᠡᠨ᠎ᠡ︾᠃ ᠵᠧᠦ ᠵᠧᠩ ᠭᠦᠸᠧ ᠬᠡᠯᠡᠭᠰᠡᠨ ᠨᠢ | ᠢᠳᠡᠷ ᠵᠠᠯᠠᠭᠤᠴᠤᠳ 20 ᠠᠴᠠ 30 ᠮᠢᠨᠦᠲ ᠤᠨ ᠬᠦᠶᠦᠳᠡᠯ ᠰᠤᠩᠭᠤᠵᠤ ᠪᠤᠯᠤᠨ᠎ᠠ᠂ 60 ᠠᠴᠠ ᠲᠡᠬᠡᠭᠰᠢᠭᠢ | ᠨᠠᠰᠤᠲᠠᠨ ᠠᠯᠭᠤᠷ ᠶᠠᠪᠤᠬᠤ ᠪᠤᠶᠤ ᠲᠠᠶᠢᠵᠢ ᠨᠢᠳᠤᠷᠭ᠎ᠠ ᠶᠢ 20 ᠮᠢᠨᠦᠲ ᠪᠤᠯᠪᠠᠰᠤᠷᠠᠵᠤ ᠪᠤᠯᠤᠨ᠎ᠠ᠃ | ᠬᠤᠶᠠᠷ ᠲᠤ᠂ ᠰᠡᠳᠬᠢᠴᠡ ᠶᠢᠨ ᠪᠠᠶᠢᠳᠠᠯ ᠢᠶᠠᠨ ᠲᠣᠬᠢᠷᠠᠭᠤᠯᠬᠤ ᠬᠡᠷᠡᠭᠲᠡᠢ᠃ ᠠᠮᠠᠷᠠᠯᠲᠠ ᠶᠢᠨ ᠬᠤᠭᠤᠴᠠᠭᠠᠨ ᠤ | ᠰᠡᠭᠦᠯᠴᠢ ᠶᠢᠨ ᠳᠠᠭᠤᠨ ᠤᠷᠮ᠎ᠠ ᠰᠡᠳᠭᠢᠯᠭᠡ ᠪᠠᠨ ᠤᠬᠠᠮᠰᠠᠷ ᠲᠠᠢ ᠪᠠᠷ ᠲᠣᠬᠢᠷᠠᠭᠤᠯᠵᠤ᠂ ᠬᠡᠲᠦᠷᠬᠡᠢ ᠳᠤᠷ᠎ᠠ ᠪᠠᠷ | ᠲᠠᠯᠪᠢᠵᠤ ᠪᠠᠶᠢᠭᠠᠳ ᠪᠠᠶᠠᠷ ᠤᠨ ᠡᠳᠦᠷ ᠤᠨ ᠠᠵᠢᠯ ᠤᠨ ᠪᠠᠶᠢᠳᠠᠯ ᠢ ᠨᠥᠯᠥᠭᠡᠯᠡᠬᠦ ᠠᠴᠠ ᠵᠠᠶᠢᠯᠠᠰᠬᠢᠬᠤ ᠬᠡᠷᠡᠭᠲᠡᠢ᠃ | ᠵᠧᠦ ᠵᠧᠩ ᠭᠦᠸᠧ ᠴᠢᠬᠤᠯᠠᠴᠢᠯᠠᠭᠰᠠᠨ ᠨᠢ᠂ ᠠᠮᠠᠷᠠᠯᠲᠠ ᠶᠢᠨ ᠬᠤᠭᠤᠴᠠᠭᠠᠨ ᠤ ᠡᠴᠦᠰ ᠤᠨ ᠦᠶ᠎ᠡ ᠳᠤ | ᠦᠷᠭᠦᠯᠵᠢᠯᠡᠨ ᠪᠠᠶᠠᠷᠯᠠᠨ ᠬᠥᠭᠡᠷᠦᠯᠳᠦᠵᠦ ᠪᠣᠯᠬᠤ ᠥᠬᠡᠶ᠂ ᠣᠶᠤᠨ ᠴᠢᠳᠠᠯ ᠢᠶᠠᠨ ᠬᠡᠲᠦ ᠵᠠᠷᠤᠴᠠᠭᠤᠯᠤᠭᠰᠠᠨ ᠠᠴᠠ | ᠪᠠᠶᠠᠷ ᠤᠨ ᠡᠳᠦᠷ ᠤᠨ ᠳᠠᠷᠠᠭᠠᠬᠢ ᠬᠡᠪ ᠤᠨ ᠠᠵᠢᠯ ᠤᠨ ᠠᠶᠢᠵᠠᠮ ᠳᠤ ᠵᠣᠬᠢᠴᠠᠵᠤ ᠴᠢᠳᠠᠬᠤ ᠥᠬᠡᠶ ᠪᠣᠯᠵᠣ᠂ ᠴᠠᠭ | ᠦᠯᠡᠳᠡᠭᠡᠵᠦ ᠰᠠᠶᠢᠲᠤᠷ ᠠᠮᠠᠷᠠᠵᠤ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠤᠳᠠᠯ ᠥᠬᠡᠶ ᠬᠦᠷᠴᠦ | ᠢᠷᠡᠬᠦ ᠭᠡᠵᠦ ᠪᠠᠶᠢᠭ᠎ᠠ ᠠᠵᠢᠯ ᠠᠮᠢᠳᠤᠷᠠᠯ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠶ᠃ | ᠭᠤᠷᠪᠠ ᠳᠤ᠂ ᠵᠦᠢ ᠵᠣᠬᠢᠰᠲᠠᠢ ᠬᠤᠭᠤᠯᠠ ᠢᠳᠡᠨ᠎ᠡ᠃ ᠴᠠᠭᠠᠨ ᠰᠠᠷ᠎ᠠ ᠶᠢᠨ ᠳᠠᠷᠠᠭ᠎ᠠ ᠬᠤᠭᠤᠯᠠ ᠤᠮᠳᠠ ᠨᠢ | ᠲᠤᠰᠤ ᠪᠠᠭ᠎ᠠ ᠪᠠᠶᠢᠬᠤ ᠪᠠᠷ ᠭᠤᠣᠯ ᠪᠣᠯᠭᠠᠵᠤ᠂ ᠮᠢᠬᠠᠨ ᠤ ᠲᠥᠷᠥᠯ ᠢ ᠢᠳᠡᠬᠦ ᠶᠢ ᠵᠣᠬᠢᠰᠲᠠᠢ ᠪᠠᠭᠠᠰᠬᠠᠵᠤ᠂ ᠦᠷ᠎ᠡ | ᠲᠠᠷᠢᠶ᠎ᠠ ᠪᠣᠯᠤᠨ ᠪᠣᠬᠢᠷᠳᠠᠯ ᠦᠭᠡᠢ ᠬᠦᠨᠡᠰᠦᠨ ᠤ ᠨᠣᠭᠤᠭ᠎ᠠ ᠢᠯᠡᠭᠦᠦ ᠢᠳᠡᠪᠡᠯ ᠵᠣᠬᠢᠨ᠎ᠠ᠃ ᠵᠧᠦ ᠵᠧᠩ ᠭᠦᠸᠧ | ᠬᠡᠯᠡᠬᠦ ᠳᠡᠭᠡᠨ᠄ ︽ᠭᠦᠨ ᠥᠩᠭᠡᠲᠡᠢ ᠬᠦᠨᠡᠰᠦᠨ ᠤ ᠨᠣᠭᠤᠭ᠎ᠠ ᠳᠤ Bᠲᠥᠷᠥᠯ ᠤᠨ ᠸᠢᠲ᠋ᠠᠮᠢᠨ ᠪᠠ ᠡᠷᠦᠳᠡᠰᠦ ᠪᠤᠳᠠᠰ | ᠶᠡᠭᠡ ᠠᠭᠤᠯᠠᠳᠠᠭ ᠪᠥᠭᠡᠳ ᠬᠤᠭᠤᠯᠠ ᠤᠮᠳᠠᠨ ᠤ ᠳᠣᠲᠣᠷᠠᠬᠢ ᠬᠠᠷᠢᠴᠠᠯ ᠢ ᠨᠢ ᠨᠡᠮᠡᠭᠳᠡᠭᠦᠯᠬᠦ ᠪᠠᠷ ᠰᠠᠨᠠᠭᠤᠯᠵᠠᠢ᠃ | ᠡᠭᠦᠨ ᠤ ᠵᠡᠷᠭᠡᠴᠡᠭᠡ ᠤᠰᠤ ᠶᠡᠭᠡ ᠤᠤᠭᠤᠪᠠᠯ ᠰᠢᠨ᠎ᠡ ᠬᠠᠭᠤᠴᠢᠨ ᠤ ᠰᠣᠯᠢᠯᠴᠠᠭ᠎ᠠ ᠶᠢ ᠲᠦᠷᠭᠡᠳᠬᠡᠵᠦ᠂ | ᠬᠤᠳᠣᠭᠤᠳᠣ ᠭᠡᠳᠡᠰᠦᠨ ᠤ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃ | ᠬᠠᠷᠢᠭᠤᠴᠠᠯᠭᠠᠲᠤ ᠨᠠᠶᠢᠷᠠᠭᠤᠯᠤᠭᠴᠢ᠄ ᠰᠦᠨ ᠬᠦᠢ | |