ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/25
   2 ᠰᠠᠷ᠎ᠠ ᠶᠢᠨ 20 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠦ᠋ ᠵᠢᠶᠠᠨ ᠬᠤᠷᠠᠯ ᠢ ᠡᠷᠭᠢᠯᠡᠵᠦ᠂ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠠᠩ ᠹᠠᠩ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠤ ᠰᠢᠶᠤᠤ ᠫᠢᠩ ᠬᠤᠷᠠᠯ ᠳᠤ ᠣᠷᠣᠯᠴᠠᠪᠠ᠃
   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2025 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠠᠶᠢᠷᠢᠯᠠᠭᠤᠯᠪᠠ᠃ 13 ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ︽ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ 2024 ᠣᠨ ᠳᠤ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦᠯᠡᠨ ᠴᠢᠷᠮᠠᠶᠢᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠪᠦᠬᠦᠨ ᠢ ᠪᠦᠷᠬᠦᠬᠦᠯᠪᠡ︔ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠪᠠᠲᠤ ᠪᠠᠬᠢ ᠪᠣᠯᠭᠠᠪᠠ︔ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠯᠡᠳᠲᠡ ᠴᠢᠩᠭᠠᠷᠠᠪᠠ︔ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ︔ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠣᠭᠲᠠᠴᠠ ᠲᠠᠰᠤᠷᠠᠯᠳᠠ ᠦᠭᠡᠢ ᠲᠡᠭᠦᠯᠳᠡᠷᠵᠢᠪᠡ︔ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠲᠤᠰ ᠪᠡᠶ᠎ᠡ ᠶᠢᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠨᠢᠭᠡ ᠭᠤᠤᠯ ᠱᠤᠭᠤᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠵᠤᠭᠠᠴᠠᠯ ᠳᠤ ᠣᠷᠣᠬᠤ︾ ᠶᠢ ᠦᠷᠭᠦᠯᠵᠢᠯᠡᠨ ᠠᠬᠢᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠭᠤᠤᠯ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠶᠡᠭᠡ ᠲᠠᠯ᠎ᠠ ᠳᠤ ᠦᠢᠯᠡᠴᠢᠯᠡᠵᠦ ᠪᠠᠲᠤᠯᠠᠬᠤ ᠲᠠᠯ᠎ᠠ ᠪᠠᠷ ᠤᠯᠤᠰ ᠲᠥᠷᠥ ᠬᠠᠤᠯᠢ ᠴᠠᠭᠠᠵᠠ ᠶᠢᠨ ᠡᠭᠦᠷᠭᠡᠯᠡᠯ ᠢᠶᠠᠨ ᠢᠯᠡᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠠᠮ ᠠᠴᠠ ᠤᠯᠤᠰ ᠲᠥᠷᠥ ᠬᠠᠤᠯᠢ ᠴᠠᠭᠠᠵᠠ ᠶᠢ ᠬᠠᠮᠢᠶᠠᠷᠬᠤ ᠶᠢ ᠶᠡᠷᠦᠩᠬᠡᠶᠢᠯᠡᠨ ᠵᠢᠯᠣᠭᠤᠳᠣᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠤᠯᠤᠰ ᠲᠥᠷᠥ ᠬᠠᠤᠯᠢ ᠴᠠᠭᠠᠵᠠ ᠶᠢᠨ ᠪᠥᠬᠦ ᠲᠠᠯ᠎ᠠ ᠶᠢ ᠬᠥᠲᠥᠯᠥᠨ ᠳᠠᠭᠠᠭᠤᠯᠬᠤ ᠶᠢ ᠳᠣᠪᠤᠶᠢᠯᠭᠠᠬᠤ ᠬᠡᠷᠡᠭᠲᠡᠶ︔ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠶ︔ ᠲᠤᠰᠬᠠᠢ ᠵᠠᠰᠠᠯᠲᠠ ᠶᠢ ᠠᠬᠢᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ︔ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠥᠬᠦ ᠺᠠᠳ᠋ᠷ᠂ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠪᠠᠭ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                              ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠸᠠᠩ ᡁᠢ ᠸᠧᠨ                          ᠤᠷᠴᠢᠭᠤᠯᠤᠭᠴᠢ᠄ ᠰᠤᠷᠤᠨ᠎ᠠ                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号