ᠵᠠᠩ ᠵᠢᠶᠠᠨ ᠪᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/25
   2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2025 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠡᠯ᠎ᠡ ᠬᠤᠰᠢᠭᠤ ᠳᠡᠳ᠋ ᠳᠠᠷᠤᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃  ᠬᠤᠷᠠᠯ ᠠᠴᠠ ᠵᠠᠰᠠᠭ ᠤᠨ ᠣᠷᠳᠣᠨ ᠤ ᠳᠠᠪᠬᠤᠷᠭ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠠᠷᠢᠨ ᠨᠢᠮᠪᠠᠶ ᠰᠤᠳᠤᠯᠤᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠢᠮᠪᠠᠶ ᠪᠠᠶᠢᠷᠢᠯᠠᠭᠤᠯᠪᠠ᠃
   ᠵᠠᠩ ᠵᠢᠶᠠᠨ ᠪᠢᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠨᠢᠭᠡ ᠤᠳᠠᠭ᠎ᠠ ᠶᠢᠨ ᠲᠥᠪ ᠴᠢᠩᠭ᠎ᠠ ᠭᠦᠨᠵᠡᠭᠡᠢ ︽ᠤᠯᠤᠰ ᠲᠦᠷᠦ ᠶᠢᠨ ᠶᠡᠭᠡ ᠰᠢᠯᠭᠠᠯᠲᠠ︾ ᠪᠣᠯᠤᠨ᠎ᠠ᠃ ᠡᠯ᠎ᠡ ᠳᠡᠳ᠋ ᠬᠤᠰᠢᠭᠤᠨ ᠳᠠᠷᠤᠭ᠎ᠠ ᠵᠢᠴᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠨᠡ ᠵᠢᠯ ᠤᠨ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠵᠤ ᠳ᠋ᠤᠭᠠᠷ ᠬᠠᠰᠤᠬᠤ ᠶᠢᠨ ᠬᠠᠮᠲᠤ ᠴᠠᠭ ᠲᠤᠬᠠᠶ ᠳᠤᠨᠢ ︽ᠡᠷᠭᠢᠵᠦ ᠬᠠᠷᠠᠬᠤ︾ ᠠᠵᠢᠯ ᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ᠦᠨᠡᠨ ᠪᠣᠳᠠᠲᠤ ᠴᠢᠨᠠᠷ ᠪᠠ ᠲᠤᠤᠱᠲᠠᠶ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠠᠰᠠᠭᠤᠳᠠᠯ ᠢ ᠱᠠᠯᠠᠪᠳᠠᠨ ᠨᠡᠬᠡᠮᠵᠢᠯᠡᠵᠦ᠂ ᠲᠦᠷᠭᠡᠨ ᠠᠬᠢᠭᠤᠯᠵᠤ᠂ ᠳ᠋ᠤᠭᠠᠷ ᠢ ᠨᠢ ᠬᠦᠴᠦᠨ ᠦᠭᠡᠢ ᠪᠣᠯᠭᠠᠬᠤ ᠶᠢ ᠲᠦᠷᠭᠡᠨ ᠪᠡᠶᠡᠯᠡᠭᠦᠯᠬᠦ ᠬᠡᠷᠡᠭᠲᠡᠢ︔ ᠤᠷᠳᠤ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠴᠥᠬᠦᠷᠡᠰᠢ ᠥᠬᠡᠶ ᠪᠠᠷᠢᠮᠲᠠᠯᠠᠵᠤ᠂ ᠦᠨᠡᠨ ᠪᠣᠳᠠᠲᠠᠶ ᠠᠬᠢᠴᠠ ᠪᠠ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠬᠠᠮᠵᠢᠯᠴᠠᠨ ᠪᠠᠶᠢᠯᠳᠤᠬᠤ ᠪᠠ ᠨᠡᠪᠲᠡᠷᠡᠯᠴᠡᠨ ᠰᠣᠯᠢᠯᠴᠠᠬᠤ ᠪᠠᠨ ᠴᠢᠩᠭᠠᠳᠬᠠᠬᠤ ᠬᠡᠷᠡᠭᠲᠡᠶ᠃                                            ᠵᠣᠬᠢᠶᠠᠭᠴᠢ᠄ ᠹᠧᠩ ᠯᠢ ᠶᠤᠸᠠᠨ                                            ᠴᠢᠮᠡᠭᠡᠯᠡᠭᠴᠢ᠄ ᠸᠠᠩ ᠱᠤ᠋ ᠸᠧᠨ                                           ᠤᠷᠴᠢᠭᠤᠯᠤᠭᠴᠢ᠄ ᠡᠷᠳᠡᠨᠢᠴᠢᠮᠡᠭ                                           ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号