2 ᠰᠠᠷ᠎ᠠ ᠶᠢᠨ 20 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ | ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠹᠦ᠋ ᠵᠢᠶᠠᠨ ᠬᠤᠷᠠᠯ ᠢ ᠡᠷᠭᠢᠯᠡᠵᠦ᠂ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠠᠩ ᠹᠠᠩ᠂ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠤ ᠰᠢᠶᠤᠤ ᠫᠢᠩ ᠬᠤᠷᠠᠯ ᠳᠤ ᠣᠷᠣᠯᠴᠠᠪᠠ᠃ | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠱᠠᠭᠠᠷᠳᠠᠯᠭ᠎ᠠ ᠶᠣᠰᠣᠭᠠᠷ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ | ᠵᠠᠳᠠᠯᠵᠤ᠂ 2025 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠠᠶᠢᠷᠢᠯᠠᠭᠤᠯᠪᠠ᠃ | 13 ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ︽ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ | ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ 2024 ᠣᠨ ᠳᠤ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ | ᠰᠢᠰᠲ᠋ᠧᠮ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦᠯᠡᠨ ᠴᠢᠷᠮᠠᠶᠢᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ | ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ | ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠪᠦᠬᠦᠨ ᠢ | ᠪᠦᠷᠬᠦᠬᠦᠯᠪᠡ︔ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠪᠠᠲᠤ ᠪᠠᠬᠢ ᠪᠣᠯᠭᠠᠪᠠ︔ ᠤᠯᠤᠰ | ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠤᠬᠠᠮᠰᠠᠷ ᠢᠯᠡᠳᠲᠡ ᠴᠢᠩᠭᠠᠷᠠᠪᠠ︔ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ | ᠡᠳᠦᠷ ᠢᠷᠡᠬᠦᠶ᠎ᠡ ᠲᠡᠭᠦᠯᠳᠡᠷᠵᠢᠪᠡ︔ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠣᠭᠲᠠᠴᠠ | ᠲᠠᠰᠤᠷᠠᠯᠳᠠ ᠦᠭᠡᠢ ᠲᠡᠭᠦᠯᠳᠡᠷᠵᠢᠪᠡ︔ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠲᠤᠰ ᠪᠡᠶ᠎ᠡ ᠶᠢᠨ | ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ | ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ | ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠨᠢᠭᠡ ᠭᠤᠤᠯ ᠱᠤᠭᠤᠮ ᠢ | ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠵᠤᠭᠠᠴᠠᠯ ᠳᠤ ᠣᠷᠣᠬᠤ︾ ᠶᠢ ᠦᠷᠭᠦᠯᠵᠢᠯᠡᠨ ᠠᠬᠢᠭᠤᠯᠵᠤ᠂ ︽ | ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ | ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠭᠤᠤᠯ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠶᠡᠭᠡ ᠲᠠᠯ᠎ᠠ ᠳᠤ | ᠦᠢᠯᠡᠴᠢᠯᠡᠵᠦ ᠪᠠᠲᠤᠯᠠᠬᠤ ᠲᠠᠯ᠎ᠠ ᠪᠠᠷ ᠤᠯᠤᠰ ᠲᠥᠷᠥ ᠬᠠᠤᠯᠢ ᠴᠠᠭᠠᠵᠠ ᠶᠢᠨ ᠡᠭᠦᠷᠭᠡᠯᠡᠯ ᠢᠶᠠᠨ ᠢᠯᠡᠷᠡᠭᠦᠯᠵᠦ᠂ | ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠬᠢᠨ ᠨᠠᠮ ᠠᠴᠠ ᠤᠯᠤᠰ ᠲᠥᠷᠥ ᠬᠠᠤᠯᠢ ᠴᠠᠭᠠᠵᠠ ᠶᠢ ᠬᠠᠮᠢᠶᠠᠷᠬᠤ ᠶᠢ ᠶᠡᠷᠦᠩᠬᠡᠶᠢᠯᠡᠨ | ᠵᠢᠯᠣᠭᠤᠳᠣᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠤᠯᠤᠰ ᠲᠥᠷᠥ ᠬᠠᠤᠯᠢ ᠴᠠᠭᠠᠵᠠ ᠶᠢᠨ ᠪᠥᠬᠦ | ᠲᠠᠯ᠎ᠠ ᠶᠢ ᠬᠥᠲᠥᠯᠥᠨ ᠳᠠᠭᠠᠭᠤᠯᠬᠤ ᠶᠢ ᠳᠣᠪᠤᠶᠢᠯᠭᠠᠬᠤ ᠬᠡᠷᠡᠭᠲᠡᠶ︔ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ | ᠠᠭᠤᠰᠤᠯᠴᠠᠭᠤᠯᠬᠤ ᠬᠡᠷᠡᠭᠲᠡᠶ︔ ᠲᠤᠰᠬᠠᠢ ᠵᠠᠰᠠᠯᠲᠠ ᠶᠢ ᠠᠬᠢᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ | ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠶᠣᠰᠣ ᠲᠦᠷᠢᠮ ᠢ | ᠴᠢᠩᠭ᠎ᠠ ᠰᠠᠬᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ︔ ᠨᠠᠮ ᠢ ᠴᠢᠩᠭ᠎ᠠ | ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠥᠬᠦ ᠺᠠᠳ᠋ᠷ᠂ | ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠪᠠᠭ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ | ᠴᠠᠭᠠᠵᠠ ᠶᠢᠨ ᠭᠡᠰᠢᠭᠦᠨ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | | | ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |