2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2025 ᠣᠨ ᠤ ᠭᠤᠷᠪᠠᠳᠤᠭᠠᠷ ᠤᠳᠠᠭᠠᠨ ᠤ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠡᠯ᠎ᠡ ᠬᠤᠰᠢᠭᠤ ᠳᠡᠳ᠋ | ᠳᠠᠷᠤᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ | ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | ᠬᠤᠷᠠᠯ ᠠᠴᠠ ᠵᠠᠰᠠᠭ ᠤᠨ ᠣᠷᠳᠣᠨ ᠤ ᠳᠠᠪᠬᠤᠷᠭ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ | ᠠᠰᠠᠭᠤᠳᠠᠯ ᠢ ᠨᠠᠷᠢᠨ ᠨᠢᠮᠪᠠᠶ ᠰᠤᠳᠤᠯᠤᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ | ᠰᠠᠶᠢᠵᠢᠷᠠᠭᠤᠯᠬᠤ ᠠᠵᠢᠯ ᠢ ᠨᠠᠷᠢᠨ ᠨᠢᠮᠪᠠᠶ ᠪᠠᠶᠢᠷᠢᠯᠠᠭᠤᠯᠪᠠ᠃ | | ᠵᠠᠩ ᠵᠢᠶᠠᠨ ᠪᠢᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠨᠢᠭᠡ ᠤᠳᠠᠭ᠎ᠠ ᠶᠢᠨ ᠲᠥᠪ | ᠴᠢᠩᠭ᠎ᠠ ᠭᠦᠨᠵᠡᠭᠡᠢ ︽ᠤᠯᠤᠰ ᠲᠦᠷᠦ ᠶᠢᠨ ᠶᠡᠭᠡ ᠰᠢᠯᠭᠠᠯᠲᠠ︾ ᠪᠣᠯᠤᠨ᠎ᠠ᠃ ᠡᠯ᠎ᠡ ᠳᠡᠳ᠋ ᠬᠤᠰᠢᠭᠤᠨ ᠳᠠᠷᠤᠭ᠎ᠠ | ᠵᠢᠴᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠴᠡᠭᠴᠡᠯᠡᠨ ᠰᠠᠶᠢᠵᠢᠷᠠᠭᠤᠯᠬᠤ ᠠᠵᠢᠯ ᠢ ᠡᠨᠡ ᠵᠢᠯ ᠤᠨ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠨᠢᠭᠡ | ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ | ᠬᠦᠴᠢᠷ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠂ | ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ | ᠡᠵᠡᠮᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠵᠤ ᠳ᠋ᠤᠭᠠᠷ ᠬᠠᠰᠤᠬᠤ ᠶᠢᠨ ᠬᠠᠮᠲᠤ ᠴᠠᠭ | ᠲᠤᠬᠠᠶ ᠳᠤᠨᠢ ︽ᠡᠷᠭᠢᠵᠦ ᠬᠠᠷᠠᠬᠤ︾ ᠠᠵᠢᠯ ᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ᠦᠨᠡᠨ ᠪᠣᠳᠠᠲᠤ | ᠴᠢᠨᠠᠷ ᠪᠠ ᠲᠤᠤᠱᠲᠠᠶ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ | ᠠᠰᠠᠭᠤᠳᠠᠯ ᠢ ᠱᠠᠯᠠᠪᠳᠠᠨ ᠨᠡᠬᠡᠮᠵᠢᠯᠡᠵᠦ᠂ ᠲᠦᠷᠭᠡᠨ ᠠᠬᠢᠭᠤᠯᠵᠤ᠂ ᠳ᠋ᠤᠭᠠᠷ ᠢ ᠨᠢ ᠬᠦᠴᠦᠨ ᠦᠭᠡᠢ ᠪᠣᠯᠭᠠᠬᠤ ᠶᠢ | ᠲᠦᠷᠭᠡᠨ ᠪᠡᠶᠡᠯᠡᠭᠦᠯᠬᠦ ᠬᠡᠷᠡᠭᠲᠡᠢ︔ ᠤᠷᠳᠤ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ | ᠴᠥᠬᠦᠷᠡᠰᠢ ᠥᠬᠡᠶ ᠪᠠᠷᠢᠮᠲᠠᠯᠠᠵᠤ᠂ ᠦᠨᠡᠨ ᠪᠣᠳᠠᠲᠠᠶ ᠠᠬᠢᠴᠠ ᠪᠠ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠵᠦ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠬᠠᠮᠵᠢᠯᠴᠠᠨ ᠪᠠᠶᠢᠯᠳᠤᠬᠤ ᠪᠠ | ᠨᠡᠪᠲᠡᠷᠡᠯᠴᠡᠨ ᠰᠣᠯᠢᠯᠴᠠᠬᠤ ᠪᠠᠨ ᠴᠢᠩᠭᠠᠳᠬᠠᠬᠤ ᠬᠡᠷᠡᠭᠲᠡᠶ᠃ | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠸᠠᠩ ᠱᠤ᠋ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |