2 ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ | ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠵᠣᠣ ᠯᠦᠩ ᠹᠸᠢ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠶᠦᠩ ᠹᠧᠩ ᠬᠤᠷᠠᠯ ᠢ ᠡᠷᠭᠢᠯᠡᠪᠡ᠃ | ᠬᠤᠷᠠᠯ ᠠᠴᠠ ︽ᠠᠮᠢ ᠨᠠᠰᠤ ᠶᠢ ᠨᠠᠨᠳᠢᠩᠨᠠᠬᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ | ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠪᠠ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠵᠠᠷᠯᠠᠨ ᠮᠡᠳᠡᠭᠳᠡᠵᠦ᠂ 2025 | ᠣᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ᠂ ᠭᠠᠯ ᠤᠨᠲᠠᠷᠠᠭᠠᠬᠤ ᠶᠡᠭᠡ ᠠᠩᠭᠢ᠂ ᠯᠢ ᠴᠧᠩ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠲᠠᠰ ᠳᠠᠷᠠᠭᠠᠯᠠᠨ ᠰᠠᠶᠢᠲᠤᠷ ᠬᠢᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | | ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ᠂ | ᠠᠵᠤ ᠠᠬᠤᠶᠢᠯᠠᠯ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠶ ᠰᠤᠷᠭᠠᠮᠵᠢ | ᠠᠪᠴᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠵᠢᠯ ᠤᠨ | ᠭᠤᠤᠯᠳᠠᠯᠭ᠎ᠠ ᠪᠠᠨ ᠳᠣᠪᠤᠶᠢᠯᠭᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ᠃ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ | ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ | ᠭᠤᠣᠯᠳᠠᠯᠭ᠎ᠠ ᠲᠠᠢ ᠬᠥᠮᠦᠰ ᠢ ᠲᠣᠭᠲᠠᠭᠤᠨ ᠢᠶᠠᠷ ᠡᠵᠡᠮᠳᠡᠬᠦ᠂ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ᠂ ᠵᠠᠬᠢᠳᠠᠯ | ᠰᠤᠷᠪᠤᠯᠵᠢᠯᠠᠭ᠎ᠠ ᠶᠢ ᠡᠬᠢ ᠡᠭᠦᠰᠦᠯ ᠠᠴᠠ ᠨᠢ ᠰᠢᠢᠳᠪᠦᠷᠢᠯᠡᠬᠦ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠢᠨᠠᠨ ᠬᠠᠮᠢᠶᠠᠷᠬᠤ ᠶᠢ ᠰᠠᠶᠢᠲᠤᠷ ᠠᠳᠬᠤᠵᠤ᠂ ᠪᠦᠬᠦ ᠤᠯᠤᠰ ᠤᠨ ᠬᠤᠶᠠᠷ ᠬᠤᠷᠠᠯ ᠤᠨ ᠤᠷᠤᠭᠰᠢᠲᠠᠢ | ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ | ᠭᠡᠵᠡᠢ᠃ | ᠡᠯ᠎ᠡ ᠳᠡᠳ᠋ ᠬᠤᠰᠢᠭᠤ ᠳᠠᠷᠤᠭ᠎ᠠ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ | ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯᠤᠨ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠵᠣᠬᠢᠶᠠᠭᠴᠢ᠄ ᠰᠤᠷᠪᠤᠯᠵᠢᠯᠠᠭᠴᠢ᠄ ᠹᠠᠨ ᠵᠢᠶᠠ ᠸᠧᠨ | ᠴᠢᠮᠡᠭᠡᠯᠡᠭᠴᠢ᠄ ᠯᠦ ᠰᠢᠶᠤᠤ ᠲᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |