ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
   2 ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠣᠣ ᠯᠦᠩ ᠹᠸᠢ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠶᠦᠩ ᠹᠧᠩ ᠬᠤᠷᠠᠯ ᠢ ᠡᠷᠭᠢᠯᠡᠪᠡ᠃    ᠬᠤᠷᠠᠯ ᠠᠴᠠ ︽ᠠᠮᠢ ᠨᠠᠰᠤ ᠶᠢ ᠨᠠᠨᠳᠢᠩᠨᠠᠬᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠵᠠᠷᠯᠠᠨ ᠮᠡᠳᠡᠭᠳᠡᠵᠦ᠂ 2025 ᠣᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠭᠠᠯ ᠤᠨᠲᠠᠷᠠᠭᠠᠬᠤ ᠶᠡᠭᠡ ᠠᠩᠭᠢ᠂ ᠯᠢ ᠴᠧᠩ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠲᠠᠰ ᠳᠠᠷᠠᠭᠠᠯᠠᠨ ᠰᠠᠶᠢᠲᠤᠷ ᠬᠢᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
   ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠶ ᠰᠤᠷᠭᠠᠮᠵᠢ ᠠᠪᠴᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠬᠥᠮᠦᠰ ᠢ ᠲᠣᠭᠲᠠᠭᠤᠨ ᠢᠶᠠᠷ ᠡᠵᠡᠮᠳᠡᠬᠦ᠂ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢ ᠡᠬᠢ ᠡᠭᠦᠰᠦᠯ ᠠᠴᠠ ᠨᠢ ᠰᠢᠢᠳᠪᠦᠷᠢᠯᠡᠬᠦ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠠᠮᠢᠶᠠᠷᠬᠤ ᠶᠢ ᠰᠠᠶᠢᠲᠤᠷ ᠠᠳᠬᠤᠵᠤ᠂ ᠪᠦᠬᠦ ᠤᠯᠤᠰ ᠤᠨ ᠬᠤᠶᠠᠷ ᠬᠤᠷᠠᠯ ᠤᠨ ᠤᠷᠤᠭᠰᠢᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃    ᠡᠯ᠎ᠡ ᠳᠡᠳ᠋ ᠬᠤᠰᠢᠭᠤ ᠳᠠᠷᠤᠭ᠎ᠠ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯᠤᠨ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                             ᠵᠣᠬᠢᠶᠠᠭᠴᠢ᠄ ᠰᠤᠷᠪᠤᠯᠵᠢᠯᠠᠭᠴᠢ᠄ ᠹᠠᠨ ᠵᠢᠶᠠ ᠸᠧᠨ                             ᠴᠢᠮᠡᠭᠡᠯᠡᠭᠴᠢ᠄ ᠯᠦ ᠰᠢᠶᠤᠤ ᠲᠢᠩ                             ᠤᠷᠴᠢᠭᠤᠯᠤᠭᠴᠢ᠄ ᠰᠤᠷᠤᠨ᠎ᠠ                             ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号